ᠦᠪᠦᠷ ᠮᠤᠩᠭ᠋ᠤᠯ ᠮᠤᠩᠭ᠋ᠤᠯ ᠦᠨᠳᠦᠰᠦᠳᠡᠨ ᠪᠤᠯᠤᠨ《ᠭᠤᠷᠪᠠᠨ ᠴᠦᠬᠡᠨ ᠳᠤᠭᠠᠳᠤ ᠦᠨᠳᠦᠰᠦᠳᠡᠨ》···内蒙古继续实行蒙古族、“三少民族”高考考生加分政策

 
 

ᠦᠪᠦᠷ ᠮᠤᠩᠭ᠋ᠤᠯ ᠮᠤᠩᠭ᠋ᠤᠯ ᠦᠨᠳᠦᠰᠦᠳᠡᠨ ᠪᠤᠯᠤᠨ《ᠭᠤᠷᠪᠠᠨ ᠴᠦᠬᠡᠨ ᠳᠤᠭᠠᠳᠤ ᠦᠨᠳᠦᠰᠦᠳᠡᠨ》 ᠤ ᠶᠡᠬᠡ ᠳᠡᠬᠡᠳᠦ ᠰᠤᠷᠭᠠᠭᠤᠯᠢ ᠳᠤ ᠰᠢᠯᠭᠠᠭᠤᠯᠤᠭᠰᠠᠳ ᠲᠤ ᠬᠤᠪᠢ ᠨᠡᠮᠡᠬᠦ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ

ᠰᠢᠨᠬᠤᠸᠠ ᠨᠧᠲ ᠬᠦᠬᠡᠬᠤᠳᠠ ᠶᠢᠨ 2 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠬᠡ᠂ ᠤᠶᠢᠷ᠎ᠠ ᠶᠢᠨ ᠡᠳᠦᠷ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ《ᠦᠨᠳᠦᠰᠦᠳᠡᠨ ᠤ ᠰᠤᠷᠭᠠᠨ ᠬᠦᠮᠦᠵᠢᠯ ᠤᠨ ᠬᠦᠭ᠍ᠵᠢᠯᠳᠡ ᠶᠢ ᠳᠦᠷᠬᠡᠳᠬᠡᠬᠦ ᠳᠤᠬᠠᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠯ》 ᠢ ᠨᠡᠶᠢᠳᠡᠯᠡᠵᠤ᠂ ᠤᠯᠤᠰ ᠤᠨ ᠰᠢᠯᠭᠠᠯᠳᠠ ᠪᠡᠷ ᠰᠤᠷᠤᠭᠴᠢ ᠡᠯᠰᠡᠬᠦ ᠳᠦᠷᠢᠮ ᠤᠨ ᠦᠬᠡᠷᠡᠴᠢᠯᠡᠯᠳᠡ ᠶᠢᠨ ᠨᠢᠬᠡᠳᠦᠯᠳᠡᠢ ᠱᠠᠭᠠᠷᠳᠠᠯᠭ᠎ᠠ ᠶᠢᠨ ᠳᠠᠭᠠᠤ ᠮᠤᠩᠭ᠋ᠤᠯ᠂ ᠤᠷᠴᠤᠨ᠂ ᠡᠧᠩᠬᠢ᠂ ᠳᠠᠭᠤᠷ ᠵᠡᠷᠬᠡ ᠴᠦᠬᠡᠨ ᠳᠤᠭᠠᠳᠤ ᠦᠨᠳᠦᠰᠦᠳᠡᠨ ᠤ ᠶᠡᠬᠡ ᠳᠡᠬᠡᠳᠦ ᠰᠤᠷᠭᠠᠭᠤᠯᠢ ᠳᠤ ᠰᠢᠯᠭᠠᠭᠤᠯᠬᠤ ᠰᠤᠷᠤᠭᠴᠢᠳ ᠲᠤ ᠬᠤᠪᠢ ᠨᠡᠮᠡᠬᠦ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ ᠬᠡᠵᠡᠢ᠃

ᠤᠶᠢᠯᠠᠭᠠᠭᠰᠠᠨ ᠢᠶᠡᠷ᠂ ᠤᠷᠤᠨ ᠤ ᠳᠤᠳᠤᠷᠠᠬᠢ ᠶᠡᠬᠡ ᠳᠡᠬᠡᠳᠦ ᠰᠤᠷᠭᠠᠭᠤᠯᠢ ᠨᠤᠭᠤᠳ ᠮᠤᠩᠭ᠋ᠤᠯ ᠢᠶᠡᠷ ᠬᠢᠴᠢᠶᠡᠯᠯᠡᠭᠰᠡᠨ ᠰᠤᠷᠤᠭᠴᠢᠳ ᠢ ᠳᠤᠰᠠᠭᠠᠷᠯᠠᠨ ᠡᠯᠰᠡᠬᠦ᠂ ᠡᠯᠰᠡᠬᠦ ᠬᠤᠪᠢ ᠶᠢ ᠳᠤᠰᠠᠭᠠᠷᠯᠠᠨ ᠳᠤᠭᠳᠠᠭᠠᠬᠤ᠂ ᠨᠢᠬᠡᠳᠦᠯᠳᠡᠢ ᠡᠯᠰᠡᠬᠦ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ᠃ ᠮᠤᠩᠭ᠋ᠤᠯ ᠢᠶᠡᠷ ᠬᠢᠴᠢᠶᠡᠯᠯᠡᠭᠰᠡᠨ ᠰᠤᠷᠤᠭᠴᠢᠳ ᠤᠷᠤᠨ ᠤ ᠭᠠᠳᠠᠨᠠᠬᠢ ᠶᠡᠬᠡ ᠳᠡᠬᠡᠳᠦ ᠰᠤᠷᠭᠠᠭᠤᠯᠢ ᠶᠢᠨ ᠬᠢᠳᠠᠳ ᠢᠶᠡᠷ ᠬᠢᠴᠢᠶᠡᠯᠯᠡᠬᠦ ᠮᠡᠷᠬᠡᠵᠢᠯ ᠢᠶᠡᠷ ᠬᠠᠮᠳᠤ ᠳ᠋ᠤᠨᠢ ᠪᠦᠷᠢᠳᠬᠡᠬᠦᠯᠵᠤ ᠪᠤᠯᠤᠨ᠎ᠠ᠃ ᠮᠤᠩᠭ᠋ᠤᠯ ᠢᠶᠡᠷ ᠬᠢᠴᠢᠶᠡᠯᠯᠡᠬᠦ ᠪᠡᠷ ᠭᠤᠤᠯ ᠪᠤᠯᠭᠠᠵᠤ ᠬᠢᠳᠠᠳ ᠢᠶᠡᠷ ᠳᠠᠭᠠᠯᠳᠤᠭᠤᠯᠤᠨ ᠬᠢᠴᠢᠶᠡᠯᠯᠡᠭᠰᠡᠨ ᠦᠨᠳᠦᠷ ᠳᠤᠮᠳᠠᠳᠤ ᠲᠡᠬᠦᠰᠦᠭᠰᠡᠳ᠂ ᠶᠡᠬᠡ ᠳᠡᠬᠡᠳᠦ ᠰᠤᠷᠭᠠᠭᠤᠯᠢ ᠳᠤ ᠡᠯᠰᠡᠬᠦᠯᠬᠦ ᠰᠢᠯᠭᠠᠯᠳᠠ ᠶᠢᠨ ᠬᠢᠳᠠᠳ ᠬᠡᠯᠡᠨ ᠤ ᠰᠢᠯᠭᠠᠯᠳᠠ ᠶᠢ《ᠳᠤᠮᠳᠠᠳᠤ ᠤᠯᠤᠰ ᠤᠨ ᠴᠦᠬᠡᠨ ᠳᠤᠭᠠᠳᠤ ᠦᠨᠳᠦᠰᠦᠳᠡᠨ ᠤ ᠬᠢᠳᠠᠳ ᠬᠡᠯᠡᠨ ᠤ ᠬᠢᠷᠢ ᠳᠦᠪᠰᠢᠨ ᠤ ᠵᠡᠷᠬᠡ ᠳᠡᠰ ᠳᠤᠭᠳᠠᠭᠠᠬᠤ ᠰᠢᠯᠭᠠᠯᠳᠠ》 ᠶᠢᠨ ᠭᠤᠷᠪᠠᠳᠤᠭᠠᠷ ᠳᠡᠰ ᠤᠨ ᠬᠢᠷᠢ ᠪᠦᠳᠦᠮᠵᠢ ᠶᠢᠨ ᠬᠡᠷᠡᠴᠢᠯᠡᠬᠡ ᠪᠡᠷ ᠤᠷᠤᠯᠠᠭᠤᠯᠵᠤ ᠪᠤᠯᠤᠨ᠎ᠠ᠂ ᠭᠠᠳᠠᠭᠠᠳᠤ ᠬᠡᠯᠡᠨ ᠤ ᠰᠢᠯᠭᠠᠯᠳᠠ ᠶᠢᠨ ᠬᠢᠷᠢ ᠪᠦᠳᠦᠮᠵᠢ ᠶᠢ 7᠄3 ᠤᠨ ᠬᠠᠷᠢᠴᠠᠯ ᠢᠶᠡᠷ ᠨᠤᠭᠤᠯᠤᠨ ᠨᠢᠬᠡ ᠳᠦᠷᠦᠯ ᠤᠨ ᠬᠤᠪᠢ ᠪᠡᠷ ᠶᠡᠷᠦᠩᠬᠡᠢ ᠬᠤᠪᠢ ᠳᠤ ᠤᠷᠤᠭᠤᠯᠵᠤ ᠪᠤᠳᠤᠨ᠎ᠠ᠃ ᠬᠢᠳᠠᠳ ᠢᠶᠡᠷ ᠬᠢᠴᠢᠶᠡᠯᠯᠡᠬᠦ ᠪᠡᠷ ᠭᠤᠤᠯ ᠪᠤᠯᠭᠠᠵᠤ᠂ ᠮᠤᠩᠭ᠋ᠤᠯ ᠢᠶᠡᠷ ᠳᠠᠭᠠᠯᠳᠤᠭᠤᠯᠤᠨ ᠬᠢᠴᠢᠶᠡᠯᠯᠡᠭᠰᠡᠨ ᠦᠨᠳᠦᠷ ᠳᠤᠮᠳᠠᠳᠤ ᠳᠡᠬᠦᠰᠦᠭᠰᠡᠳ ᠮᠤᠩᠭ᠋ᠤᠯ ᠬᠡᠯᠡᠨ ᠤ ᠰᠢᠯᠭᠠᠯᠳᠠ ᠶᠢ《ᠮᠤᠩᠭ᠋ᠤᠯ ᠬᠡᠯᠡᠨ ᠤ ᠬᠡᠷᠡᠭᠯᠡᠬᠡᠨ ᠤ ᠬᠢᠷᠢ ᠳᠦᠪᠰᠢᠨ ᠤ ᠵᠡᠷᠬᠡ ᠳᠡᠰ ᠳᠤᠭᠳᠠᠭᠠᠬᠤ ᠰᠢᠯᠭᠠᠯᠳᠠ》 ᠶᠢᠨ ᠳᠤᠮᠳᠠ ᠵᠡᠷᠬᠡ ᠶᠢᠨ ᠬᠢᠷᠢ ᠪᠦᠳᠦᠮᠵᠢ ᠶᠢᠨ ᠬᠡᠷᠡᠴᠢᠯᠡᠬᠡ ᠪᠡᠷ ᠤᠷᠤᠯᠠᠭᠤᠯᠵᠤ ᠪᠤᠯᠤᠨ᠎ᠠ᠂ ᠭᠠᠳᠠᠭᠠᠳᠤ ᠬᠡᠯᠡᠨ ᠤ ᠰᠢᠯᠭᠠᠯᠳᠠ ᠶᠢᠨ ᠬᠢᠷᠢ ᠪᠦᠳᠦᠮᠵᠢ ᠶᠢ ᠮᠦᠨ 7᠄3 ᠤᠨ ᠬᠠᠷᠢᠴᠠᠯ ᠢᠶᠡᠷ ᠨᠤᠭᠤᠯᠤᠨ ᠨᠢᠬᠡ ᠳᠦᠷᠦᠯ ᠤᠨ ᠬᠤᠪᠢ ᠪᠡᠷ ᠶᠡᠷᠦᠩᠬᠡᠢ ᠬᠤᠪᠢ ᠳᠤ ᠤᠷᠤᠭᠤᠯᠵᠤ ᠪᠤᠳᠤᠨ᠎ᠠ᠃

ᠡᠬᠦᠨ ᠡᠴᠡ ᠭᠠᠳᠠᠨ᠎ᠠ᠂ ᠦᠪᠦᠷ ᠮᠤᠩᠭ᠋ᠤᠯ ᠨᠢ ᠪᠠᠰᠠ ᠤᠷᠤᠨ ᠤ ᠳᠤᠳᠤᠭᠠᠳᠤ ᠶᠢᠨ ᠶᠡᠬᠡ ᠳᠡᠬᠡᠳᠦ ᠰᠤᠷᠭᠠᠭᠤᠯᠢ ᠨᠤᠭᠤᠳ ᠦᠨᠳᠦᠰᠦᠳᠡᠨ ᠤ ᠠᠩᠬᠢ᠂ ᠦᠨᠳᠦᠰᠦᠳᠡᠨ ᠤ ᠪᠡᠯᠡᠳᠬᠡᠯ ᠠᠩᠬᠢ᠂《ᠭᠤᠷᠪᠠᠨ ᠴᠦᠬᠡᠨ ᠳᠤᠭᠠᠳᠤ ᠦᠨᠳᠦᠰᠦᠳᠡᠨ》 ᠤ ᠪᠡᠯᠡᠳᠬᠡᠯ ᠠᠩᠬᠢ᠂ ᠳᠡᠬᠡᠳᠦ ᠵᠡᠷᠬᠡ ᠶᠢᠨ ᠳᠤᠰᠬᠠᠢ ᠮᠡᠷᠬᠡᠵᠢᠯ ᠤᠨ ᠰᠤᠷᠭᠠᠭᠤᠯᠢ ᠨᠤᠭᠤᠳ ᠤᠨ ᠰᠤᠷᠤᠭᠴᠢ ᠡᠯᠰᠡᠬᠦ ᠳᠤ ᠬᠠᠨᠳᠤᠭᠤᠯᠤᠨ ᠡᠯᠰᠡᠬᠦ ᠵᠡᠷᠬᠡ ᠬᠠᠮᠢᠶᠠᠷᠤᠯᠳᠠ ᠶᠢᠨ ᠠᠷᠭ᠎ᠠ ᠨᠤᠭᠤᠳ ᠢ ᠳᠡᠬᠦᠯᠳᠡᠷᠵᠢᠬᠦᠯᠦᠨ ᠬᠡᠷᠡᠭᠵᠢᠬᠦᠯᠬᠦ ᠪᠤᠯᠤᠨ᠎ᠠ᠃

ᠢᠷᠡᠯᠳᠡ᠄ ᠰᠢᠨᠬᠤᠸᠠ ᠨᠧᠲ

内蒙古继续实行蒙古族、“三少民族”高考考生加分政策

新华网呼和浩特2月16日电 近日,内蒙古自治区政府下发《内蒙古自治区人民政府关于加快发展民族教育的意见》,提出按照国家考试招生制度改革的统一要求,继续实行对蒙古族、鄂伦春族、鄂温克族、达斡尔族考生高考加分优惠政策。

新华网内蒙古频道了解到,内蒙古将深入推进民族教育综合改革,改革考试招生制度。继续实行区内高校招收蒙古语授课考生单列招生计划、单独划定录取分数线、统一录取政策。允许蒙古语授课高考学生兼报区内外高等学校汉语授课专业。将国家下达内蒙古的少数民族预科班和民族班招生计划、支援西部地区招生协作计划、农村贫困地区定向招生专项计划、教育部直属高等学校及其他自主招生试点高校招收农村学生专项计划、教育部直属高等学校分省区招生计划等,划出一定比例招收蒙古语授课高考学生,进入汉语授课专业学习深造。

以蒙古语授课为主加授汉语的高中毕业生参加高考,汉语科目由“中国少数民族汉语水平等级考试”三级考试成绩代替,与外语高考成绩按7︰3比例折算成一科成绩记入总分。以汉语授课为主加授蒙古语的高中毕业生参加高考,蒙古语文科目逐步由“蒙古语文应用水平等级考试”中级考试成绩代替,与外语高考成绩按7︰3比例折算成一科成绩记入总分。逐步探索建立基于统一高考和高中学业水平考试成绩、参考综合素质评价的公平、多元的录取机制。

此外,内蒙古将完善区内高校民族班、民族预科班、“三少民族”预科班、高职院校对口招生等招生管理办法。

 
 
Posted in ᠰᠤᠷᠭᠠᠨ ᠬᠦᠮᠦᠵᠢᠯ |教育信息 and tagged .