ᠭᠠᠷᠠᠭ ᠪᠦᠷᠢ ᠨᠢᠭᠡ ᠤᠲᠠᠭ᠎ᠠ ᠬᠦᠯ ᠪᠦᠮᠪᠦᠬᠡ ᠶᠢᠨ ᠭᠢᠴᠢᠶᠠᠯ ᠲᠤᠭᠢᠷᠠᠭᠤᠯᠤᠨ᠎ᠠ ···足球特色学校每周一堂足球课

 
 

ᠰᠤᠷᠭᠠᠨ ᠬᠦᠮᠦᠵᠢᠯ ᠦᠨ ᠶᠠᠮᠤᠨ᠄ ᠶᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠦᠨ ᠬᠤᠭᠤᠴᠠᠭᠠᠨ ᠳ᠋ᠤ ᠭᠠᠷᠠᠭ ᠪᠦᠷᠢ ᠨᠢᠭᠡ ᠤᠲᠠᠭ᠎ᠠ ᠬᠦᠯ ᠪᠦᠮᠪᠦᠬᠡ ᠶᠢᠨ ᠭᠢᠴᠢᠶᠠᠯ ᠲᠤᠭᠢᠷᠠᠭᠤᠯᠤᠨ᠎ᠠ

ᠰᠢᠨᠬᠤᠧᠠ ᠬᠤᠷᠢᠶᠠᠨ ᠤ ᠪᠡᠬᠡᠵᠢᠩ ᠦᠨ 2 ᠰᠠᠷ᠎ᠠ ᠶᠢᠨ 21 ᠤ ᠴᠠᠬᠢᠯᠭᠠᠨ ᠮᠡᠳᠡᠬᠡ ᠡᠴᠠ (ᠰᠤᠷᠪᠤᠯᠵᠢᠯᠠᠭᠴᠢ ᠬᠦᠩ ᠪᠢᠩ ) ᠰᠤᠷᠪᠤᠯᠵᠢᠯᠠᠭᠴᠢ ᠰᠤᠷᠭᠠᠨ ᠬᠦᠮᠦᠵᠢᠯ ᠦᠨ ᠶᠠᠮᠤᠨ ᠡᠴᠠ ᠦᠢᠯᠠᠭᠠᠭᠰᠠᠨ ᠢᠶᠠᠷ᠂ ᠰᠤᠷᠭᠠᠨ ᠬᠦᠮᠦᠵᠢᠯ ᠦᠨ ᠶᠠᠮᠤᠨ ᠡᠴᠠ ᠰᠤᠷᠭᠠᠭᠤᠯᠢ ᠶᠢᠨ ᠬᠦᠷᠢᠶᠡᠨ ᠦ ᠬᠦᠯ ᠪᠦᠮᠪᠦᠬᠡ ᠶᠢᠨ ᠬᠢᠴᠢᠶᠡᠯ ᠬᠦᠮᠦᠵᠢᠯ ᠦᠨ ᠠᠵᠢᠯ ᠢ ᠴᠢᠩᠭᠠᠳᠬᠠᠵᠥ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠦᠨ ᠬᠤᠭᠤᠴᠠᠭᠠᠨ ᠳ᠋ᠤ ᠭᠠᠷᠠᠭ ᠪᠦᠷᠢ ᠨᠢᠬᠡ ᠤᠳᠠᠭ᠎ᠠ ᠬᠦᠯ ᠪᠦᠮᠪᠦᠬᠡ ᠶᠢᠨ ᠬᠢᠴᠢᠶᠠᠯ ᠳᠤᠬᠢᠷᠠᠭᠤᠯᠬᠤ ᠶᠤᠰᠤᠭᠠᠷ ᠨᠡᠢᠳᠡ 450 ᠬᠦᠯ ᠪᠦᠮᠪᠦᠬᠡ ᠶᠢᠨ ᠬᠢᠴᠢᠶᠡᠯ ᠤᠷᠤᠬᠤ ᠪᠦᠬᠡᠳ ᠡᠳᠡᠬᠡᠷ ᠬᠢᠴᠢᠶᠡᠯ ᠢ ᠪᠦᠬᠦᠳᠡ ᠶᠢ ᠸᠢᠳᠢᠣ᠋ ᠳ᠋ᠤ ᠰᠢᠩᠬᠡᠬᠡᠵᠥ᠂ ᠰᠤᠷᠭᠠᠭᠤᠯᠢ ᠶᠢᠨ ᠬᠦᠷᠢᠶᠡᠨ ᠦ ᠬᠦᠯ ᠪᠦᠮᠪᠦᠬᠡ ᠶᠢᠨ ᠵᠢᠭᠠᠨ ᠰᠤᠷᠭᠠᠯᠳᠠ ᠶᠢᠨ ᠬᠦᠮᠦᠷᠬᠡ ᠳ᠋ᠤ ᠲᠠᠯᠪᠢᠵᠥ᠂ ᠪᠠᠭᠰᠢ ᠰᠤᠷᠤᠭᠴᠢ ᠪᠦᠬᠦᠨ ᠳ᠋ᠤ ᠬᠠᠩᠭᠠᠨ ᠰᠤᠷᠤᠯᠴᠠᠭᠤᠯᠬᠤ ᠪᠤᠯᠤᠨ᠎ᠡ᠃

ᠰᠤᠷᠭᠠᠨ ᠬᠦᠮᠦᠵᠢᠯ ᠦᠨ ᠶᠠᠮᠤᠨ ᠦᠢᠷ᠎ᠠ ᠳ᠋ᠤ 2016  ᠤᠨ ᠤ ᠠᠵᠢᠯ ᠤᠨ ᠭᠤᠤᠯᠳᠠᠯᠭ᠎ᠠ ᠪᠠᠨ ᠲᠠᠷᠤᠮᠠᠯᠯᠠᠨ ᠲᠠᠷᠬᠠᠭᠠᠵᠥ᠂ ᠡᠬᠦᠨ ᠳ᠋ᠤ 《ᠰᠤᠷᠭᠠᠭᠤᠯᠢ ᠶᠢᠨ ᠬᠦᠷᠢᠶᠡᠨ ᠦ ᠬᠦᠯ ᠪᠦᠮᠪᠦᠬᠡ ᠶᠢᠨ ᠳᠦᠬᠡᠮᠡᠯᠵᠢᠯ ᠢ ᠳᠦᠷᠬᠡᠪᠴᠢᠯᠡᠨ ᠠᠬᠢᠭᠤᠯᠵᠥ᠂ ᠰᠤᠷᠭᠠᠭᠤᠯᠢ ᠶᠢᠨ ᠬᠦᠷᠢᠶᠡᠨ ᠦ ᠬᠦᠯ ᠪᠦᠮᠪᠦᠬᠡ ᠶᠢᠨ ᠤᠷᠤᠯᠳᠤᠭᠠᠨ ᠢ ᠦᠷᠬᠡᠨ ᠢᠶᠡᠷ ᠦᠷᠨᠢᠬᠦᠯᠵᠥ᠂ ᠰᠤᠷᠭᠠᠭᠤᠯᠢ ᠶᠢᠨ ᠬᠦᠷᠢᠶᠡᠨ ᠦ ᠬᠦᠯ ᠪᠦᠮᠪᠦᠬᠡ ᠶᠢᠨ ᠤᠨᠴᠠᠯᠢᠭᠳᠤ ᠰᠤᠷᠭᠠᠭᠤᠯᠢ ᠪᠤᠯᠤᠨ ᠳᠤᠷᠰᠢᠯᠳᠠ ᠶᠢᠨ ᠴᠢᠬ ᠤᠨ ᠪᠦᠳᠦᠬᠡᠨ ᠪᠠᠢᠭᠤᠯᠤᠯᠳᠠ ᠶᠢ ᠴᠢᠩᠭᠠᠳᠬᠠᠬᠤ 》 ᠵᠡᠷᠬᠡ ᠠᠭᠤᠯᠭ᠎ᠠ ᠪᠠᠭᠳᠠᠵᠠᠢ᠃

2015 ᠤᠨ ᠳ᠋ᠤ᠂ ᠰᠤᠷᠭᠠᠨ ᠬᠦᠮᠦᠵᠢᠯ ᠦᠨ ᠶᠠᠮᠤᠨ ᠠᠩᠬᠠᠳᠠᠭᠴᠢ ᠪᠦᠯᠦᠭ ᠦᠨ 8627 ᠰᠤᠷᠭᠠᠭᠤᠯᠢ ᠶᠢᠨ ᠬᠦᠷᠢᠶᠡᠨ ᠦ ᠬᠦᠯ ᠪᠦᠮᠪᠦᠬᠡ ᠶᠢᠨ ᠤᠨᠴᠠᠯᠢᠭᠳᠤ ᠰᠤᠷᠭᠠᠭᠤᠯᠢ ᠶᠢ ᠬᠢᠨᠠᠨ ᠳᠤᠭᠳᠠᠭᠠᠵᠠᠢ᠃

ᠲᠠᠨᠢᠯᠴᠠᠭᠤᠯᠭ᠎ᠠ ᠶᠢ ᠦᠨᠳᠦᠰᠦᠯᠡᠪᠡᠯ᠂ ᠰᠤᠷᠭᠠᠨ ᠬᠦᠮᠦᠵᠢᠯ ᠦᠨ ᠶᠠᠮᠤᠨ ᠡᠴᠠ ᠪᠠᠭᠰᠢ ᠶᠢᠨ ᠪᠤᠯᠪᠠᠰᠤᠷᠠᠯ᠂ ᠤᠯᠤᠰ ᠤᠨ ᠭᠠᠳᠠᠭᠠᠳᠤ ᠶᠢᠨ ᠪᠠᠭᠰᠢ ᠶᠢ ᠤᠷᠢᠵᠥ ᠠᠪᠴᠢᠷᠠᠬᠤ᠂ ᠵᠢᠭᠠᠨ ᠰᠤᠷᠭᠠᠯᠳᠠ ᠶᠢᠨ ᠮᠠᠲ᠋ᠧᠷᠢᠶᠠᠯ ᠨᠠᠢᠷᠠᠭᠤᠯᠵᠥ ᠵᠤᠬᠢᠶᠠᠬᠤ᠂ ᠰᠤᠷᠭᠠᠭᠤᠯᠢ ᠶᠢᠨ ᠬᠦᠷᠢᠶᠡᠨ ᠦ ᠬᠦᠯ ᠪᠦᠮᠪᠦᠬᠡ ᠶᠢᠨ ᠵᠢᠭᠠᠨ ᠰᠤᠷᠭᠠᠯᠳᠠ ᠶᠢᠨ ᠬᠦᠮᠦᠷᠬᠡ ᠪᠠᠢᠭᠤᠯᠬᠤ ᠵᠡᠷᠬᠡ ᠲᠠᠯ᠎ᠠ ᠶᠢᠨ ᠳᠤᠭᠤᠷᠢᠨ ᠳ᠋ᠤ ᠬᠦᠯ ᠪᠦᠮᠪᠦᠬᠡ ᠶᠢᠨ ᠵᠢᠭᠠᠨ ᠰᠤᠷᠭᠠᠯᠳᠠ ᠶᠢᠨ ᠠᠵᠢᠯ ᠢᠶᠠᠨ ᠦᠷᠨᠢᠬᠦᠯᠵᠡᠢ᠃

 

足球特色学校每周一堂足球课

据新华社北京2月21日电记者从教育部了解到,教育部将加强校园足球教学工作,校园足球特色学校在九年制义务教育阶段,按照每周一堂足球课,共上大约450堂足球课,而且这些课程均将拍成视频,放到校园足球教学资源库,供所有教师、孩子学习。

教育部近日印发了2016年工作要点,其中包括“加快推进校园足球的普及,广泛开展校园足球活动竞赛,加强校园足球特色学校和试点单位建设”等内容。

2015年,教育部首批认定了8627所校园足球特色学校,要求这些特色校每周拿出一节体育课教足球,为的就是让越来越多的青少年学会踢足球,扩大足球人口。目前,全国已经培训了5600名校园足球教师,今年寒假还培训8600名校园足球教师。此外,从国外引进的120余名一线足球教师已全部到位开始教学。

 
 
Posted in ᠰᠤᠷᠭᠠᠨ ᠬᠦᠮᠦᠵᠢᠯ |教育信息 and tagged .