ᠮᠠᠨ ᠤ ᠤᠷᠤᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ···内蒙古自治区主要农畜水产品抽检合格率96%以上

 
 

ᠮᠠᠨ ᠤ ᠤᠷᠤᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠩᠴᠡᠭᠰᠡᠨ ᠨᠣᠷᠮ᠎ᠠ96% ᠠᠴᠠ ᠳᠡᠭᠡᠭᠰᠢ ᠬᠦᠷᠪᠡ

ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠲᠢᠩᠭᠢᠮ ᠠᠴᠠ ᠤᠢᠢᠯᠠᠭᠠᠭᠰᠠᠨ ᠢᠶᠠᠷ᠂ ᠨᠢᠳᠤᠨᠤᠨ ᠵᠢᠯ ᠮᠠᠨ ᠤ ᠤᠷᠤᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠰᠠᠶᠢᠨ᠂ ᠪᠦᠬᠦ ᠤᠷᠤᠨ ᠤ ᠭᠤᠤᠯ ᠪᠤᠯᠬᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠰᠤᠭᠤᠴᠢᠨ ᠪᠠᠶᠢᠴᠠᠭᠠᠭᠰᠠᠨ ᠳ᠋ᠦᠩ ᠳᠤ ᠬᠢᠷᠢ ᠲᠡᠩᠴᠡᠭᠰᠡᠨ ᠨᠤᠷᠮ᠎ᠠ 96% ᠠᠴᠠ ᠲᠡᠭᠡᠭᠰᠢᠬᠢ ᠳᠤ ᠬᠦᠷᠪᠡ᠃

ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠨᠢ ᠮᠠᠯ ᠠᠵᠤ ᠠᠬᠤᠢ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠬᠤ᠂ ᠪᠦᠳᠦᠴᠡ ᠪᠠᠨ ᠲᠤᠬᠢᠷᠠᠭᠤᠯᠬᠤ ᠵᠠᠩᠭᠢᠯᠠᠭ᠎ᠠ ᠶᠢᠨ ᠭᠤᠭᠴᠤᠭ᠎ᠠ ᠪᠤᠯᠤᠭᠰᠠᠨ ᠤ ᠬᠤᠪᠢ ᠳᠤ᠂ ᠡᠨᠡ ᠵᠢᠯ ᠮᠠᠨ ᠤ ᠤᠷᠤᠨ ᠭᠤᠤᠯᠳᠠᠭᠤ 3 ᠲᠠᠯ᠎ᠠ ᠪᠠᠷ ᠬᠦᠴᠦ ᠲᠠᠯᠪᠢᠵᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠲᠡᠭᠡᠭᠰᠢᠯᠡᠭᠦᠯᠦᠨ᠎ᠠ᠃

ᠨᠢᠭᠡ ᠳᠤ᠂ ᠰᠢᠰᠲᠧᠮ ᠤᠨ ᠪᠠᠶᠢᠭᠤᠯᠤᠯᠳᠠ ᠶᠢᠨ ᠲᠠᠯ᠎ᠠ ᠪᠠᠷ ᠬᠦᠴᠦ ᠲᠠᠯᠪᠢᠵᠤ᠂ ᠠᠶᠢᠮᠠᠭ ᠬᠤᠳᠠ ᠶᠢᠨ ᠬᠢᠨᠠᠨ ᠬᠠᠮᠢᠶᠠᠷᠬᠤ ᠰᠠᠯᠠᠭ᠎ᠠ ᠪᠤᠯᠤᠨ ᠠᠮᠤᠷ ᠲᠦᠪᠰᠢᠨ ᠤ ᠲᠦᠪ ᠤᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤ ᠰᠢᠶᠠᠨ ᠤ ᠬᠢᠨᠠᠨ ᠬᠠᠮᠢᠶᠠᠷᠬᠤ ᠪᠠᠶᠢᠭᠤᠯᠤᠮᠵᠢ ᠶᠢ ᠵᠢᠯ ᠤᠨ ᠡᠴᠤᠰ ᠠᠴᠠ ᠡᠮᠦᠨ᠎ᠠ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠰᠢᠶᠠᠩ ᠪᠠᠯᠭᠠᠰᠤᠨ ᠤ ᠦᠷᠳᠡᠭᠡ ᠶᠢᠨ ᠠᠵᠢᠯᠳᠠᠨ ᠢ ᠪᠦᠷᠢᠨᠰᠢᠭᠦᠯᠦᠨ᠎ᠠ᠃

ᠬᠤᠶᠠᠷ ᠲᠤ᠂ ᠪᠦᠳᠦᠭᠡᠭᠳᠡᠭᠦᠨ ᠢ ᠬᠢᠨᠠᠨ ᠬᠠᠮᠢᠶᠠᠷᠬᠤ ᠲᠠᠯ᠎ᠠ ᠪᠠᠷ ᠬᠦᠴᠦ ᠲᠠᠯᠪᠢᠨ᠎ᠠ᠂ ᠡᠯ᠎ᠠ ᠱᠠᠳᠤᠨ ᠤ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠦᠴᠢᠷ ᠭᠤᠤᠯᠳᠠᠯᠭ᠎ᠠ ᠲᠠᠢ ᠲᠠᠷᠢᠶᠠᠯᠠᠬᠤ ᠴᠢᠭ᠂ ᠭᠤᠤᠯᠳᠠᠯᠭ᠎ᠠ ᠲᠠᠢ ᠭᠠᠵᠠᠷ ᠤᠷᠤᠨ ᠳᠤ ᠲᠠᠪᠠᠭᠤᠯᠢᠭ ᠬᠦᠴᠦᠨ ᠢᠶᠠᠨ ᠲᠦᠪᠯᠡᠷᠡᠭᠦᠯᠵᠦ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠠ᠃

ᠲᠠᠷᠢᠮᠠᠯ ᠤᠨ ᠦᠢᠯᠡᠰ ᠭᠤᠤᠯᠳᠠᠭᠤ ᠲᠦᠭᠦᠭᠡᠷᠦᠮᠵᠢᠳᠦ ᠨᠤᠭᠤᠭ᠎ᠠ ᠶᠢᠨ ᠦᠢᠯᠡᠳᠪᠦᠷᠢᠯᠡᠯ ᠤᠨ ᠭᠤᠭᠴᠤᠭ᠎ᠠ ᠳᠤ ᠲᠠᠷᠢᠶᠠᠨ ᠡᠮ ᠬᠡᠷᠡᠭᠯᠡᠬᠦ ᠶᠢ ᠡᠷᠡᠰ ᠬᠤᠷᠢᠠᠠᠯᠠᠵᠤ ᠬᠢᠨᠠᠨ ᠬᠠᠮᠢᠶᠠᠷᠬᠤ ᠪᠠᠨ ᠴᠢᠩᠭᠠᠳᠬᠠᠨ᠎ᠠ᠂ ᠲᠡᠵᠢᠭᠡᠪᠤᠷᠢ ᠶᠢᠨ ᠦᠢᠯᠡᠰ ᠭᠤᠤᠯᠳᠠᠭᠤ ᠦᠭᠡᠷ ᠬᠤᠨᠢ ᠶᠢ ᠬᠠᠰᠢᠶᠠᠯᠠᠨ ᠲᠡᠵᠢᠭᠡᠬᠦ ᠶᠢ ᠴᠢᠩᠭᠠᠳᠬᠠᠵᠤ᠂ ᠤᠰᠤᠨ ᠤ ᠭᠠᠷᠤᠯᠳᠠ ᠶᠢᠨ ᠪᠦᠳᠦᠭᠡᠭᠳᠡᠭᠦᠨ ᠢ ᠲᠡᠵᠢᠭᠡᠵᠦ ᠲᠡᠭᠡᠭᠡᠪᠤᠷᠢᠯᠡᠬᠦ ᠭᠤᠭᠴᠤᠭ᠎ᠠ ᠳᠤ ᠬᠠᠤᠯᠢ ᠪᠤᠰᠤ ᠪᠠᠷ 《ᠪᠤᠷᠤᠯᠠᠭ ᠮᠢᠬᠠᠨ ᠤ ᠬᠠᠨᠳᠠ》 ᠵᠡᠷᠭᠡ ᠬᠤᠤᠷᠳᠠᠢ ᠪᠤᠳᠠᠰ ᠨᠡᠮᠡᠬᠦ ᠶᠢ ᠡᠷᠡᠰ ᠬᠤᠷᠢᠠᠠᠯᠠᠵᠤ ᠬᠢᠨᠠᠨ ᠬᠠᠮᠢᠶᠠᠷᠬᠤ ᠪᠠᠨ ᠴᠢᠩᠭᠠᠳᠬᠠᠨ᠎ᠠ᠃

ᠭᠤᠷᠪᠠ ᠳᠤ᠂ ᠶᠠᠰᠤ ᠴᠢᠨᠠᠷ ᠢ ᠲᠡᠭᠡᠭᠰᠢᠯᠡᠭᠦᠯᠵᠦ ᠦᠷ᠎ᠠ ᠠᠰᠢᠭ ᠢ ᠨᠡᠮᠡᠭᠳᠡᠭᠦᠯᠦᠨ᠂ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠬᠦᠴᠦ ᠲᠠᠯᠪᠢᠨ᠎ᠠ᠃ ᠪᠠᠷᠢᠮᠵᠢᠶᠠᠵᠢᠭᠰᠠᠨ ᠦᠢᠯᠡᠳᠪᠦᠷᠢᠯᠡᠯ ᠢᠶᠠᠷ ᠰᠢᠪᠳᠤᠯᠤᠯᠳᠠ ᠪᠤᠯᠭᠠᠵᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠤᠨ᠎ᠠ᠃

内蒙古自治区主要农畜水产品抽检合格率96%以上

近日,记者从内蒙古自治区农畜产品质量安全监管工作视频会议上获悉,去年自治区农畜产品质量安全形势总体向好,没有发生重大农畜产品质量安全事件,全区主要农畜水产品抽检合格率持续保持在96%以上。

农畜产品质量安全作为农牧业转方式、调结构的关键环节,今年,自治区将着重在3个方面下功夫,切实提高农畜产品质量安全监管能力和执法水平。

一是要在体系建设上下功夫,进一步加强盟市监管科与安全中心的力量,旗县监管机构年底前要做到全覆盖,乡镇站要充实人员;

二是要在投入品监管上下功夫,各级农牧业部门要在重点农时、重点地区集中优势力量,解决突出问题。种植业将重点加强设施蔬菜生产环节禁限用农药的管控,养殖业重点加强牛羊设施饲养、水产品养殖运输环节非法添加“瘦肉精”、孔雀石绿等有毒有害物质的管控;

三是要在提质增效、转变发展方式上下功夫。以“三品一标”为抓手,标准化生产为突破口,全面提升农畜产品质量安全监管能力和水平。(记者 王国英)

 
 
Posted in ᠤᠷᠤᠨ ᠨᠤᠲᠤᠭ |农牧信息 and tagged .