ᠮᠠᠨ ᠤ ᠬᠤᠳᠠ ᠠᠰᠠᠭᠤᠳᠠᠯ ᠲᠠᠢ ᠸᠠᠺᠼᠢᠨ ᠢ ᠪᠦᠬᠦ ᠬᠦᠴᠦᠨ ᠢᠶᠡᠷ ··· 乌兰察布市全力排查问题疫苗

 
 

ᠮᠠᠨ ᠤ ᠬᠤᠳᠠ ᠠᠰᠠᠭᠤᠳᠠᠯ ᠲᠠᠢ ᠸᠠᠺᠼᠢᠨ ᠢ ᠪᠦᠬᠦ ᠬᠦᠴᠦᠨ ᠢᠶᠡᠷ ᠪᠠᠢᠴᠠᠭᠠᠵᠤ ᠪᠠᠢᠨ᠎ᠠ

ᠲᠤᠤᠷ ᠰᠦᠯᠵᠢᠶᠡᠨ ᠲᠡᠭᠡᠷ᠎ᠠ ᠠᠰᠠᠭᠤᠳᠠᠯ ᠲᠠᠢ ᠸᠠᠺᠼᠢᠨ ᠢ ᠢᠯᠡᠴᠢᠯᠡᠭᠰᠡᠨ ᠦ ᠲᠠᠷᠠᠭ᠎ᠠ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠲᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠨᠠᠮ ᠵᠠᠰᠠᠬ ᠤᠨ ᠭᠤᠤᠯ ᠤᠳᠤᠷᠢᠳᠤᠯᠭ᠎ᠠ ᠪᠤᠯᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠴᠠᠬ ᠲᠤᠬᠠᠢ ᠳ᠋ᠤᠨᠢ ᠴᠤᠬᠤᠯᠪᠤᠷᠢ ᠬᠢᠪᠡ᠃

ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠰᠢᠦᠧᠠᠢ ᠹᠧᠩ ᠡᠯ᠎ᠠ ᠰᠠᠯᠠᠭ᠎ᠠ ᠮᠦᠴᠢᠷ ᠦᠨ ᠬᠢᠨ ᠢ ᠡᠷᠬᠡᠪᠰᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠨ᠂ ᠨᠠᠷᠢᠨ ᠨᠢᠮᠪᠠᠢ ᠬᠠᠷᠢᠭᠤᠴᠠᠵᠤ᠂ ᠨᠢᠭᠳᠠ ᠬᠠᠮᠵᠢᠯᠴᠠᠨ ᠠᠰᠠᠭᠤᠳᠠᠯ ᠲᠠᠢ ᠸᠠᠺᠼᠢᠨ ᠢ ᠲᠠᠷᠤᠢ ᠲᠦᠷᠭᠡᠨ ᠪᠠᠢᠴᠠᠭᠠᠨ ᠭᠠᠷᠭᠠᠬᠤ ᠬᠡᠷᠡᠭᠳᠡᠢ ᠭᠡᠵᠦ ᠱᠠᠭᠠᠷᠳᠠᠪᠠ᠃

ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠲᠤᠤ ᠱᠥ ᠵᠢᠦᠢ ᠬᠤᠳᠠ ᠶᠢᠨ ᠢᠳᠡᠭᠡᠨ ᠤᠮᠳᠠᠭᠠᠨ ᠡᠮ ᠦᠨ ᠵᠦᠢᠯᠡᠰ ᠢ ᠬᠢᠨᠡᠨ ᠬᠠᠮᠢᠶᠠᠷᠬᠤ ᠲᠤᠪᠴᠢᠶ᠎ᠠ ᠨᠢ ᠠᠰᠠᠭᠤᠳᠠᠯ ᠲᠠᠢ ᠸᠠᠺᠼᠢᠨ ᠤ ᠪᠤᠷᠤᠯᠠᠭᠤᠯᠤᠯᠳᠠ ᠶᠢᠨ ᠪᠠᠢᠳᠠᠯ ᠢ ᠭᠤᠤᠯᠳᠠᠯᠭ᠎ᠠ ᠲᠠᠢ ᠪᠠᠢᠴᠠᠭᠠᠵᠤ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠦᠨ ᠵᠦᠪᠯᠡᠯ ᠨᠢ ᠠᠶᠤᠯ ᠲᠦᠭᠰᠢᠭᠦᠷᠢ ᠶᠢᠨ ᠬᠢᠨᠠᠨ ᠬᠡᠮᠵᠢᠯᠳᠡ ᠪᠤᠯᠤᠨ ᠰᠢᠯᠭᠠᠨ ᠦᠨᠡᠯᠡᠬᠦ ᠠᠵᠢᠯ ᠢ ᠰᠠᠢᠳᠤᠷ ᠬᠢᠵᠦ᠂ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠨᠢ ᠬᠡᠷᠡᠭ ᠲᠦ ᠬᠤᠯᠪᠤᠭᠳᠠᠭᠰᠠᠨ ᠬᠦᠮᠦᠰ ᠢ ᠬᠠᠤᠯᠢ ᠶᠤᠰᠤᠭᠠᠷ ᠴᠢᠩᠭ᠎ᠠ ᠰᠢᠳᠭᠡᠵᠦ᠂ ᠢᠳᠡᠭᠡᠨ ᠤᠮᠳᠠᠭᠠᠨ ᠡᠮ ᠦᠨ ᠵᠦᠢᠯᠡᠰ ᠢ ᠬᠢᠨᠠᠨ ᠬᠠᠮᠢᠶᠠᠷᠬᠤ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠦᠨ ᠰᠠᠯᠠᠭ᠎ᠠ ᠮᠦᠴᠢᠷ ᠢ ᠬᠠᠮᠵᠢᠯᠴᠠᠨ ᠰᠠᠢᠳᠤᠷ ᠪᠠᠢᠴᠠᠭᠠᠵᠤ᠂ ᠤᠬᠠᠭᠤᠯᠭ᠎ᠠ ᠶᠢᠨ ᠰᠠᠯᠠᠭ᠎ᠠ ᠮᠦᠴᠢᠷ ᠰᠠᠢᠳᠤᠷ ᠤᠬᠠᠭᠤᠯᠵᠤ ᠵᠢᠯᠤᠭᠤᠳᠬᠤ ᠬᠡᠷᠡᠭᠳᠡᠢ ᠭᠡᠵᠦ ᠵᠢᠭᠠᠪᠤᠷᠢᠯᠠᠪᠠ᠃ ᠬᠤᠳᠠ ᠶᠢᠨ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠦᠨ ᠲᠠᠷᠤᠭ᠎ᠠ ᠶᠦᠨ ᠬᠤᠧᠠᠢ ᠪᠤᠯᠤᠨ ᠬᠤᠳᠠ ᠶᠢᠨ ᠲᠡᠳ᠋ ᠲᠠᠷᠤᠭ᠎ᠠ ᠵᠠᠩ ᠰᠢᠶᠠᠩ ᠬᠠᠮᠢᠶ᠎ᠠ ᠪᠦᠬᠦᠢ ᠰᠠᠯᠠᠭ᠎ᠠ ᠮᠦᠴᠢᠷ ᠢ ᠴᠤᠭᠯᠠᠭᠤᠯᠤᠨ ᠠᠰᠠᠭᠤᠳᠠᠯ ᠲᠠᠢ ᠸᠠᠺᠼᠢᠨ ᠢ ᠴᠡᠭᠴᠡᠯᠡᠬᠦ ᠲᠤᠰᠬᠠᠢ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠢᠷᠢᠯᠠᠭᠤᠯᠪᠠ᠃

ᠪᠤᠳᠠᠳᠠᠢ ᠠᠷᠭ᠎ᠠ ᠪᠠᠷᠢᠯ ᠨᠢ᠄

ᠨᠢᠭᠡ ᠳ᠋ᠤ᠂ ᠪᠠᠴᠢᠮ ᠪᠠᠢᠳᠠᠯ ᠢ ᠠᠷᠭᠠᠴᠠᠬᠤ ᠲᠤᠭᠳᠠᠴᠠ ᠶᠢ ᠲᠡᠷᠡ ᠲᠠᠷᠤᠢ ᠳ᠋ᠤᠨᠢ ᠡᠬᠢᠯᠡᠭᠦᠯᠦᠨ ᠬᠡᠷᠡᠭᠵᠢᠭᠦᠯᠵᠦ᠂ ᠬᠤᠳᠠ ᠶᠢᠨ ᠵᠠᠰᠠᠬ ᠤᠨ ᠤᠷᠳᠤᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠲᠤᠭᠤᠢᠯᠠᠩ ᠤᠨ ᠲᠠᠷᠤᠭ᠎ᠠ ᠪᠤᠯᠭᠠᠭᠰᠠᠨ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠢᠶᠡᠷ ᠪᠦᠷᠢᠯᠳᠦᠭᠰᠡᠨ ᠤᠳᠤᠷᠢᠳᠬᠤ ᠲᠤᠭᠤᠢᠯᠠᠩ ᠪᠠᠢᠭᠤᠯᠵᠤ᠂ ᠨᠢᠭᠡᠳᠦᠯᠳᠡᠢ ᠵᠢᠯᠤᠭᠤᠳᠴᠤ᠂ ᠨᠢᠭᠳᠠ ᠬᠠᠮᠵᠢᠯᠴᠠᠵᠤ᠂ ᠬᠠᠤᠯᠢ ᠪᠤᠰᠤ ᠪᠠᠷ ᠸᠠᠺᠼᠢᠨ ᠠᠷᠠᠯᠵᠢᠶᠠᠯᠠᠭᠰᠠᠨ ᠬᠡᠷᠡᠭ ᠢ ᠪᠠᠢᠴᠠᠭᠠᠨ ᠰᠢᠳᠪᠤᠷᠢᠯᠡᠬᠦ ᠠᠵᠢᠯ ᠢ ᠰᠠᠢᠳᠤᠷ ᠬᠢᠨ᠎ᠡ᠃

ᠬᠤᠶᠠᠷ ᠲᠤ᠂ ᠡᠳᠦᠷ ᠪᠦᠷᠢ ᠮᠡᠳᠡᠭᠦᠯᠬᠦ ᠲᠦᠷᠢᠮ ᠢ ᠪᠠᠢᠭᠤᠯᠪᠠ᠃ ᠬᠤᠳᠠ ᠶᠢᠨ ᠢᠳᠡᠭᠡᠨ ᠤᠮᠳᠠᠭᠠᠨ ᠡᠮ ᠦᠨ ᠵᠦᠢᠯ ᠢ ᠬᠢᠨᠠᠨ ᠬᠠᠮᠢᠶᠠᠷᠬᠤ ᠲᠤᠪᠴᠢᠶ᠎ᠠ ᠲᠤᠰᠬᠠᠢ ᠪᠠᠢᠴᠠᠭᠠᠯᠳᠠ ᠶᠢᠨ ᠠᠬᠢᠴᠠ ᠪᠠᠨ ᠡᠳᠦᠷ ᠪᠦᠷᠢ ᠶᠢᠨ 17᠄ 00 ᠡᠴᠠ ᠡᠮᠦᠨ᠎ᠠ ᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠤᠯᠤᠨ ᠦᠪᠡᠷᠳᠡᠭᠡᠨ ᠵᠠᠰᠠᠬᠤ ᠤᠷᠤᠨ ᠤ ᠢᠳᠡᠭᠡᠨ ᠤᠮᠳᠠᠭᠠᠨ ᠡᠮ ᠦᠨ ᠵᠦᠢᠯ ᠢ ᠬᠢᠨᠠᠨ ᠬᠠᠮᠢᠶᠠᠷᠬᠤ ᠲᠤᠪᠴᠢᠶ᠎ᠠ ᠳ᠋ᠤ ᠮᠡᠳᠡᠭᠦᠯᠵᠦ᠂ ᠵᠤᠬᠢᠴᠠᠭᠤᠯᠤᠨ ᠰᠢᠳᠪᠤᠷᠢᠯᠠᠬᠦ ᠴᠢᠬᠤᠯᠳᠠᠢ ᠶᠠᠪᠤᠳᠠᠯ ᠢ ᠴᠠᠬ ᠲᠤᠬᠠᠢ ᠳ᠋ᠤᠨᠢ ᠲᠤᠳᠤᠭᠠᠳᠤ ᠶᠢ ᠬᠠᠮᠭᠠᠯᠠᠬᠤ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠦᠨ ᠵᠦᠪᠯᠡᠯ ᠦᠨ ᠬᠠᠮᠢᠶ᠎ᠠ ᠪᠦᠬᠦᠢ ᠬᠦᠮᠦᠰ ᠦᠨ ᠬᠤᠯᠪᠤᠭᠠᠯᠠᠭᠰᠠᠨ ᠬᠤᠷᠠᠯ ᠢ ᠬᠤᠷᠠᠯᠳᠤᠭᠤᠯᠵᠤ᠂ ᠬᠠᠮᠳᠤᠪᠠᠷ ᠵᠤᠬᠢᠴᠠᠭᠤᠯᠤᠨ ᠰᠢᠳᠪᠤᠷᠢᠯᠡᠨ᠎ᠠ᠃

ᠭᠤᠷᠪᠠ ᠳ᠋ᠤ᠂ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠲᠦᠷᠦᠭᠦᠯᠡᠨ ᠬᠠᠤᠯᠢ ᠪᠤᠰᠤ ᠪᠠᠷ ᠸᠠᠺᠼᠢᠨ ᠠᠷᠠᠯᠵᠢᠶᠠᠯᠠᠭᠰᠠᠨ ᠬᠦᠮᠦᠰ ᠢ ᠲᠠᠬᠢᠨᠳᠠ ᠰᠢᠭᠦᠨ ᠪᠠᠢᠴᠠᠭᠠᠵᠤ᠂ ᠠᠰᠠᠭᠤᠳᠠᠯ ᠲᠠᠢ ᠸᠠᠺᠼᠢᠨ ᠪᠤᠷᠤᠯᠠᠭᠤᠯᠤᠭᠰᠠᠨ ᠪᠠᠢᠳᠠᠯ ᠢ ᠪᠠᠢᠴᠠᠭᠠᠨ ᠢᠯᠡᠷᠡᠭᠦᠯᠦᠨ᠎ᠠ᠃

ᠲᠦᠷᠪᠡ ᠳ᠋ᠤ᠂ ᠬᠤᠳᠠ ᠶᠢᠨ ᠢᠳᠡᠭᠡᠨ ᠤᠮᠳᠠᠭᠠᠨ ᠡᠮ ᠦᠨ ᠵᠦᠢᠯ ᠢ ᠬᠢᠨᠠᠨ ᠬᠠᠮᠢᠶᠠᠷᠬᠤ ᠲᠤᠪᠴᠢᠶ᠎ᠠ ᠨᠢ ᠲᠠᠩ ᠳ᠋ᠤᠢᠩ ᠱᠧᠩ ᠤᠨ ᠬᠤᠳᠠᠯᠳᠤᠭᠰᠠᠨ ᠠᠰᠠᠭᠤᠳᠠᠯ ᠲᠠᠢ ᠸᠠᠺᠼᠢᠨ ᠢ ᠬᠤᠳᠠᠯᠳᠤᠨ ᠤᠷᠤᠭᠤᠯᠤᠭᠰᠠᠨ ᠪᠠᠢᠭᠤᠯᠤᠯᠭ᠎ᠠ᠂ ᠬᠦᠮᠦᠨ᠂ ᠲᠦᠷᠦᠯ ᠵᠦᠢᠯ᠂ ᠲᠤᠭ᠎ᠠ ᠬᠡᠮᠵᠢᠶ᠎ᠠ ᠪᠤᠯᠤᠨ ᠪᠤᠷᠤᠯᠠᠭᠤᠯᠤᠭᠰᠠᠨ ᠪᠠᠢᠳᠠᠯ᠂ ᠬᠡᠷᠡᠭ ᠲᠦ ᠬᠤᠯᠪᠤᠭᠳᠠᠭᠰᠠᠨ ᠠᠰᠠᠭᠤᠳᠠᠯ ᠲᠠᠢ ᠸᠠᠺᠼᠢᠨ ᠢ ᠰᠠᠢᠳᠤᠷ ᠪᠠᠢᠴᠠᠭᠠᠵᠤ᠂ ᠪᠤᠷᠤᠯᠠᠭᠤᠯᠤᠭᠰᠠᠨ ᠤᠳᠠᠭ᠎ᠠ ᠪᠦᠷᠢ ᠶᠢᠨ ᠸᠠᠺᠼᠢᠨ ᠤ ᠲᠦᠷᠦᠯ ᠵᠦᠢᠯ᠂ ᠲᠤᠭ᠎ᠠ ᠬᠡᠮᠵᠢᠶ᠎ᠠ᠂ ᠪᠤᠷᠤᠯᠠᠭᠤᠯᠤᠭᠴᠢ ᠪᠤᠯᠤᠨ ᠬᠡᠷᠡᠭᠯᠡᠭᠰᠡᠨ ᠬᠦᠮᠦᠰ ᠢ ᠠᠯᠳᠠᠯ ᠦᠭᠡᠢ ᠬᠠᠷᠭᠠᠭᠤᠯᠤᠨ ᠪᠠᠢᠴᠠᠭᠠᠨ᠎ᠠ᠃

ᠲᠠᠪᠤ ᠳ᠋ᠤ᠂ ᠬᠤᠳᠠ ᠶᠢᠨ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠦᠨ ᠵᠦᠪᠯᠡᠯ ᠲᠦᠷᠦᠭᠦᠯᠡᠨ ᠪᠦᠬᠦ ᠬᠤᠳᠠ ᠶᠢᠨ ᠡᠮᠨᠡᠯᠭᠡ ᠶᠢᠨ ᠬᠤᠷᠢᠶ᠎ᠠ᠂ ᠡᠭᠦᠳᠡᠨ ᠡᠮᠨᠡᠯᠭᠡ᠂ ᠬᠢᠵᠢᠭ ᠢ ᠰᠡᠷᠭᠡᠢᠯᠡᠬᠦ ᠲᠦᠪ ᠵᠡᠷᠭᠡ ᠸᠠᠺᠼᠢᠨ ᠬᠡᠷᠡᠭᠯᠡᠬᠦ ᠪᠠᠢᠭᠤᠯᠤᠯᠭ᠎ᠠ ᠳ᠋ᠤ ᠦᠨᠴᠦᠭ ᠪᠤᠯᠤᠩ ᠦᠯᠡᠳᠡᠭᠡᠯ ᠦᠭᠡᠢ ᠪᠠᠢᠴᠠᠭᠠᠯᠳᠠ ᠬᠢᠵᠦ᠂ ᠠᠰᠠᠭᠤᠳᠠᠯ ᠲᠠᠢ ᠬᠢᠷᠢ ᠲᠡᠩᠴᠡᠬᠦ ᠦᠭᠡᠢ ᠸᠠᠺᠼᠢᠨ ᠢ ᠲᠡᠷᠨ ᠲᠡᠷᠤᠢ ᠳ᠋ᠤᠨᠢ ᠪᠢᠳᠡᠭᠦᠮᠵᠢᠯᠡᠨ᠎ᠡ᠃

ᠵᠢᠷᠭᠤᠭ᠎ᠠ ᠳ᠋ᠤ᠂ ᠪᠠᠢᠴᠠᠭᠠᠯᠳᠠ ᠶᠢᠨ ᠠᠬᠢᠴᠡ ᠪᠠᠨ ᠵᠠᠭᠤᠴᠢᠯᠠᠭᠤᠷ ᠢᠶᠠᠷ ᠲᠠᠮᠵᠢᠨ ᠨᠡᠢᠭᠡᠮ ᠨᠡᠢᠳᠡ ᠳ᠋ᠤ ᠨᠠᠢᠳᠡᠯᠡᠵᠦ᠂ ᠠᠷᠠᠳ ᠤᠯᠠᠨ ᠤ ᠠᠩᠬᠠᠷᠤᠯ ᠳ᠋ᠤ ᠬᠠᠷᠢᠭᠤ ᠦᠭᠬᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠪᠠᠴᠢᠮ ᠪᠠᠢᠳᠠᠯ ᠢ ᠠᠷᠭᠠᠴᠠᠬᠤ ᠲᠦᠰᠦᠪ ᠢ ᠬᠡᠷᠡᠭᠵᠢᠭᠦᠯᠵᠦ᠂ ᠬᠡᠷᠡᠭ ᠶᠠᠪᠤᠳᠠᠯ ᠡᠴᠠ ᠡᠭᠦᠰᠦᠭᠰᠡᠨ ᠨᠦᠯᠦᠭᠡᠯᠡᠯ ᠢ ᠨᠠᠷᠢᠨ ᠨᠢᠮᠪᠠᠢ ᠵᠠᠳᠠᠯᠤᠨ ᠰᠢᠨᠵᠢᠯᠠᠵᠦ᠂ ᠤᠯᠠᠨ ᠲᠦᠮᠡᠨ ᠦ ᠡᠷᠡᠭᠡᠯᠵᠡᠭᠡ ᠶᠢ ᠲᠠᠢᠯᠤᠨ᠎ᠠ᠃

ᠤᠳᠤᠬᠠᠨ ᠳ᠋ᠤ ᠮᠠᠨ ᠤ ᠬᠤᠳᠠ ᠶᠢᠨ ᠲᠠᠩ ᠳ᠋ᠤᠢᠩ ᠱᠧᠩ ᠤᠨ ᠬᠠᠤᠯᠢ ᠪᠤᠰᠤ ᠪᠠᠷ ᠸᠠᠺᠼᠢᠨ ᠠᠷᠠᠯᠵᠢᠶᠠᠯᠠᠭᠰᠠᠨ ᠬᠡᠷᠡᠭ ᠲᠦ ᠬᠤᠯᠪᠤᠭᠳᠠᠭᠰᠠᠨ ᠬᠡᠷᠡᠭᠲᠡᠨ ᠢ ᠲᠤᠳᠤᠭᠠᠳᠤ ᠶᠢ ᠬᠠᠮᠭᠠᠯᠠᠬᠤ ᠲᠤᠪᠴᠢᠶ᠎ᠠ ᠡᠴᠠ ᠡᠷᠡᠭᠦᠦ ᠶᠢᠨ ᠬᠡᠷᠡᠭ ᠢᠶᠡᠷ ᠲᠦᠷ ᠬᠤᠷᠢᠵᠦ᠂ ᠬᠡᠷᠡᠭ ᠢ ᠨᠢᠭᠡᠨᠲᠡ ᠪᠠᠢᠴᠠᠭᠠᠬᠤ ᠬᠤᠷᠢᠶ᠎ᠠ ᠳ᠋ᠤ ᠰᠢᠯᠵᠢᠭᠦᠯᠦᠨ ᠦᠭᠪᠡ᠃

ᠲᠤᠳᠤᠭᠠᠳᠤ ᠶᠢ ᠬᠠᠮᠠᠭᠠᠯᠠᠬᠤ᠂ ᠢᠳᠡᠭᠡᠨ ᠤᠮᠳᠠᠭᠠᠨ ᠡᠮ ᠦᠨ ᠵᠦᠢᠯ ᠢ ᠬᠢᠨᠠᠨ ᠬᠠᠮᠢᠶᠠᠷᠬᠤ ᠲᠤᠪᠴᠢᠶ᠎ᠠ ᠨᠢ ᠲᠠᠩ ᠳ᠋ᠦᠢᠩ ᠱᠧᠩ ᠤᠨ ᠪᠤᠷᠤᠯᠠᠭᠤᠯᠤᠯᠲᠠ ᠶᠢᠨ ᠬᠡᠯᠬᠢᠶ᠎ᠠ ᠶᠢ ᠪᠠᠢᠴᠠᠭᠠᠵᠤ᠂ ᠠᠰᠠᠭᠤᠳᠠᠯ ᠲᠠᠢ ᠸᠠᠺᠼᠢᠨ ᠤ ᠪᠤᠷᠤᠯᠠᠭᠤᠯᠤᠭᠰᠠᠨ ᠪᠠᠢᠳᠠᠯ ᠢ ᠨᠠᠷᠢᠨ ᠪᠠᠢᠴᠠᠭᠠᠵᠤ ᠪᠠᠢᠨ᠎ᠠ᠃

3 ᠰᠠᠷ᠎ᠠ ᠶᠢᠨ 23 ᠤ ᠡᠳᠦᠷ ᠮᠠᠨ ᠤ ᠬᠤᠳᠠ ᠨᠢᠭᠡᠨᠳᠡ ᠪᠦᠬᠦ ᠬᠤᠳᠠ ᠶᠢᠨ 12 ᠬᠢᠵᠢᠭ ᠢ ᠰᠡᠷᠭᠡᠢᠯᠡᠬᠦ ᠲᠦᠪ ᠪᠤᠯᠤᠨ 38 ᠡᠮ ᠡᠮᠨᠡᠯᠭᠡ ᠶᠢᠨ ᠪᠠᠢᠭᠤᠯᠤᠯᠭ᠎ᠠ ᠶᠢᠨ ᠸᠠᠺᠼᠢᠨ ᠬᠡᠷᠡᠭᠯᠡᠵᠦ ᠪᠠᠢᠭ᠎ᠠ ᠪᠠᠢᠳᠠᠯ ᠳ᠋ᠤ ᠲᠦᠪᠯᠡᠷᠡᠭᠦᠯᠦᠨ ᠪᠠᠢᠴᠠᠭᠠᠯᠳᠠ ᠬᠢᠭᠰᠡᠨ ᠳ᠋ᠦᠢᠩ ᠳ᠋ᠤ ᠬᠡᠷᠡᠭ ᠲᠦ ᠬᠤᠯᠪᠤᠭᠳᠠᠭᠰᠠᠨ ᠸᠠᠺᠼᠢᠨ ᠢᠯᠡᠷᠡᠭᠰᠡᠨ ᠦᠭᠡᠢ᠃

ᠤᠳᠤᠬᠠᠨ ᠳ᠋ᠤ ᠠᠰᠠᠭᠤᠳᠠᠯ ᠲᠠᠢ ᠸᠠᠺᠼᠢᠨ ᠢ ᠪᠠᠢᠴᠠᠭᠠᠬᠤ ᠠᠵᠢᠯ ᠡᠷᠴᠢᠮᠳᠡᠢ ᠶᠠᠪᠤᠭᠳᠠᠵᠤ ᠪᠤᠢ᠃

乌兰察布市全力排查问题疫苗

网上问题疫苗事件曝光后,乌兰察布市委、政府高度重视,党政主要领导和分管领导及时作出批示。市委书记王学丰要求各相关部门要高度重视,认真负责,密切配合,尽快查清问题疫苗流向。

市委副书记、市长陶淑菊指示,市食药监局要重点清查问题疫苗流向,卫计部门要做好风险监测和评估工作,公安部门要依法严惩涉案人员,并协助食药、卫计部门做好调查,宣传部门要做好宣传引导工作。市委常委、宣传部长云淮和副市长张翔召集相关部门召开了问题疫苗专项整治会议,对下一阶段工作作了安排部署。具体措施如下:

一是立即启动紧急事件应急响应机制,成立由市政府分管领导任组长,市宣传部、食药监局、公安局、卫计委等相关部门组成的领导小组,统一指挥、密切配合,共同做好非法经营疫苗案件涉案产品处置和案件查办工作。

二是建立日报告制度。市食药监局负责将专项排查工作进展情况于每日17:00前报送市委、政府和自治区食药监局,遇到需协调解决的事项时,召集市公安局、卫计委相关人员召开联席会议共同协调解决。

三是由市公安局牵头对下线人员再次进行审查,查清疫苗流向。

四是由市食药监局负责清查唐东升销售问题疫苗的购进单位、人员、品种、数量和流向,针对涉案的问题疫苗,做到每批次疫苗的品种、数量、销售者和使用者的对应关系核实无误。

五是由市卫计委牵头负责对全市医院、诊所、疾控中心等疫苗发放和使用单位开展拉网式排查,发现有问题或不合格疫苗的,要立即查封。

六是将排查进展情况通过媒体向社会公布,回应人民群众关切。各有关部门要启动应急预案,认真分析研判事件可能带来的影响,为群众解疑释惑。

目前,对涉及乌兰察布市唐东升非法经营疫苗案,公安机关已对犯罪嫌疑人进行刑事拘留,案件已移送至检察机关。公安、食药监管部门正在对唐东升提供的下线人员进行询问调查,进一步查证问题疫苗的流向。

截至3月23日,乌兰察布市已对全市12个疾控中心和38家医疗单位的疫苗使用进行了集中排查,上述各单位未发现涉案问题疫苗。

目前,问题疫苗排查工作仍在进行中。

 
 
Posted in ᠲᠠᠨ ᠤ ᠠᠩᠬᠠᠷᠤᠯ ᠳ᠋ᠤ|热点信息 and tagged .