ᠰᠢᠨᠵᠢᠶᠠᠩ ᠤᠨ ᠬᠠᠪᠲᠠᠭᠠᠢ ᠶᠢᠨ ᠬᠠᠮᠠᠭᠠᠯᠠᠯᠳᠠ ᠬᠠᠤᠯᠢ ᠶᠢᠨ ᠪᠠᠳᠤᠯᠠᠭ᠎ᠠ ᠲᠠᠢ ᠪᠤᠯᠵᠠᠢ新疆野骆驼保护有了法律保障

 
 

ᠰᠢᠨᠵᠢᠶᠠᠩ ᠤᠨ ᠬᠠᠪᠲᠠᠭᠠᠢ ᠶᠢᠨ ᠬᠠᠮᠠᠭᠠᠯᠠᠯᠳᠠ ᠬᠠᠤᠯᠢ ᠶᠢᠨ ᠪᠠᠳᠤᠯᠠᠭ᠎ᠠ ᠲᠠᠢ ᠪᠤᠯᠵᠠᠢ

ᠰᠢᠨᠵᠢᠶᠠᠩ ᠤᠨ ᠬᠠᠪᠲᠠᠭᠠᠢ ᠶᠢᠨ ᠬᠠᠮᠠᠭᠠᠯᠠᠯᠳᠠ ᠶᠢᠨ ᠨᠡᠶᠢᠭᠡᠮᠯᠢᠭ 26 ᠤ ᠡᠳᠦᠷ ᠨᠢᠭᠡᠨ ᠬᠠᠤᠯᠢᠴᠢ ᠶᠢᠨ ᠭᠡᠷᠡᠭ ᠡᠷᠬᠢᠯᠡᠬᠦ ᠭᠠᠵᠠᠷ ᠤᠨ ᠬᠠᠤᠯᠢ ᠶᠢᠨ ᠵᠦᠪᠯᠡᠭᠴᠢ ᠶᠢ ᠤᠷᠢᠵᠦ᠂ ᠨᠡᠶᠢᠳᠡ ᠶᠢᠨ ᠠᠰᠠᠷᠠᠮᠵᠢ ᠶᠢᠨ ᠭᠡᠯᠪᠡᠷᠢ ᠪᠠᠷ ᠬᠠᠪᠲᠠᠭᠠᠢ ᠶᠢ ᠬᠠᠮᠠᠭᠠᠯᠠᠬᠤ ᠠᠵᠢᠯᠳᠠᠨ ᠪᠠ ᠰᠠᠶᠢᠨ ᠲᠤᠷᠠᠴᠤᠳ ᠲᠤ ᠬᠠᠤᠯᠢ ᠴᠠᠭᠠᠵᠠ ᠶᠢᠨ ᠪᠠᠳᠤᠯᠠᠭ᠎ᠠ ᠬᠠᠩᠭᠠᠵᠠᠢ᠃

ᠬᠠᠪᠳᠠᠭᠠᠢ ᠶᠢᠨ ᠬᠠᠮᠠᠭᠠᠯᠠᠯᠳᠠ ᠶᠢᠨ ᠦᠷ᠎ᠠ ᠠᠰᠢᠭ ᠪᠠ ᠶᠠᠰᠤ ᠴᠢᠨᠡᠷ ᠢ ᠳᠡᠭᠡᠭᠰᠢᠯᠡᠬᠦᠯᠵᠦ᠂ ᠬᠠᠪᠳᠠᠭᠠᠢ ᠶᠢᠨ ᠬᠠᠮᠠᠭᠠᠯᠠᠯᠳᠠ ᠶᠢᠨ ᠨᠡᠶᠢᠭᠡᠮᠯᠢᠭ ᠪᠤᠯᠤᠨ ᠭᠡᠭᠡᠷ᠎ᠠ ᠶᠢᠨ ᠠᠮᠢᠳᠠᠨ ᠤᠷᠭᠤᠮᠠᠯ ᠢ ᠬᠠᠮᠠᠭᠠᠯᠠᠭᠴᠢ᠂ ᠰᠠᠶᠢᠨ ᠲᠤᠷᠠᠴᠤᠳ ᠢ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠬᠡᠭᠡᠷ᠎ᠠ ᠶᠢᠨ ᠠᠮᠢᠳᠠᠨ ᠢ ᠬᠠᠮᠠᠭᠠᠯᠠᠬᠤ ᠦᠢᠯᠡᠰ ᠳᠤᠮᠳᠠ ᠤᠷᠤᠯᠴᠠᠭᠤᠯᠬᠤ ᠶᠢᠨ ᠲᠦᠯᠦᠭᠡ᠂ ᠰᠢᠨᠵᠢᠶᠠᠩ ᠤᠨ ᠶᠤᠸᠠᠨ ᠵᠧᠩ ᠬᠠᠤᠯᠢᠴᠢ ᠶᠢᠨ ᠭᠡᠷᠡᠭ ᠡᠷᠬᠢᠯᠡᠬᠦ ᠭᠠᠵᠠᠷ 26 ᠤ ᠡᠳᠦᠷ ᠠᠴᠠ ᠡᠬᠢᠯᠡᠵᠦ᠂ ᠰᠢᠨᠵᠢᠶᠠᠩ ᠤᠨ ᠬᠠᠪᠳᠠᠭᠠᠢ ᠶᠢᠨ ᠬᠠᠮᠠᠭᠠᠯᠠᠯᠳᠠ ᠶᠢᠨ ᠨᠡᠶᠢᠭᠡᠮᠯᠢᠭ ᠤᠨ ᠴᠤᠷ ᠤᠨ ᠭᠠᠭᠴᠠ ᠨᠠᠶᠢᠳᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠵᠦᠪᠯᠡᠭᠴᠢ ᠶᠢ ᠬᠠᠷᠢᠭᠤᠴᠠᠪᠠ᠃ ᠡᠶᠢᠮᠦ ᠠᠴᠠ᠂ ᠬᠠᠪᠳᠠᠭᠠᠢ ᠶᠢᠨ ᠬᠠᠮᠠᠭᠠᠯᠠᠯᠳᠠ ᠶᠢᠨ ᠨᠡᠶᠢᠭᠡᠮᠯᠢᠭ ᠤᠨ ᠵᠤᠬᠢᠶᠠᠯ ᠪᠦᠳᠦᠭᠡᠯ ᠤᠨ ᠵᠤᠬᠢᠶᠠᠨ ᠪᠦᠳᠦᠭᠡᠬᠦ ᠡᠷᠭᠡ᠂ ᠪᠠᠶᠢᠴᠠᠭᠠᠨ ᠰᠤᠳᠤᠯᠬᠤ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠦᠷ᠎ᠠ ᠪᠦᠳᠦᠭᠡᠯ ᠤᠨ ᠮᠡᠳᠡᠯᠭᠡ ᠶᠢᠨ ᠦᠮᠴᠢᠯᠡᠯ ᠤᠨ ᠡᠷᠭᠡ᠂ ᠬᠤᠯᠪᠤᠭᠳᠠᠯ ᠪᠦᠬᠦᠢ ᠬᠦᠮᠦᠰ ᠤᠨ ᠶᠠᠪᠤᠯᠴᠠᠭᠠᠨ ᠤ ᠨᠡᠷ᠎ᠠ ᠲᠦᠷᠦ ᠶᠢᠨ ᠡᠷᠭᠡ᠂ ᠢᠪᠡᠭᠡᠨ ᠲᠤᠰᠠᠯᠠᠭᠰᠠᠨ ᠡᠳ᠋ ᠪᠤᠳᠠᠰ ᠤᠨ ᠭᠡᠷᠡᠭᠯᠡᠬᠦ ᠪᠠᠶᠢᠳᠠᠯ ᠢ ᠮᠡᠳᠡᠬᠦ ᠡᠷᠭᠡ ᠵᠡᠷᠭᠡ ᠨᠢ ᠪᠠᠳᠤ ᠪᠠᠬᠢ ᠬᠠᠤᠯᠢ ᠴᠠᠭᠠᠵᠠ ᠶᠢᠨ ᠠᠷᠦ ᠲᠠᠯ᠎ᠠ ᠶᠢᠨ ᠪᠠᠳᠤᠯᠠᠭ᠎ᠠ ᠲᠠᠢ ᠪᠤᠯᠵᠠᠢ᠃

ᠤᠢᠢᠯᠠᠭᠠᠭᠰᠠᠨ ᠢᠶᠠᠷ᠂ ᠬᠠᠪᠲᠠᠭᠠᠢ ᠪᠤᠯ ᠳᠡᠯᠡᠭᠡᠢ ᠳᠡᠭᠡᠷᠡᠬᠢ ᠬᠦᠨᠳᠦ ᠨᠤᠴᠢᠳᠠᠢ ᠤᠰᠠᠳᠤᠮᠠᠷ ᠪᠤᠯᠤᠭᠰᠠᠨ ᠠᠮᠢᠳᠠᠨ ᠤ ᠲᠦᠷᠦᠯ ᠪᠠᠶᠢᠵᠦ᠂ 《ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠠ ᠶᠢᠨ ᠠᠮᠢᠳᠠᠨ ᠤ ᠨᠡᠷᠡᠰ ᠤᠨ ᠵᠢᠭᠰᠠᠭᠠᠯ》 ᠳᠤ ᠤᠷᠤᠭᠤᠯᠤᠭᠰᠠᠨ ᠤᠯᠤᠰ ᠤᠨ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠠᠮᠢᠳᠠᠨ ᠪᠠᠶᠢᠵᠦ᠂ ᠳᠡᠯᠡᠭᠡᠢ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠬᠤᠯᠪᠤᠭᠠᠨ ᠤ ᠨᠡᠶᠢᠳᠡᠯᠡᠭᠰᠡᠨ ᠤᠯᠠᠭᠠᠨ ᠭᠠᠳᠠᠷᠳᠦ ᠪᠢᠴᠢᠭ᠌ ᠲᠤ ᠤᠰᠠᠳᠤᠮᠠᠷ ᠪᠤᠯᠤᠭᠰᠠᠨ ᠠᠮᠢᠳᠠᠨ ᠤ ᠲᠦᠷᠦᠯ ᠳᠤ ᠤᠷᠤᠭᠰᠠᠨ ᠪᠠᠶᠢᠳᠠᠭ᠃

ᠰᠢᠨᠵᠢᠶᠠᠩ ᠤᠨ ᠬᠠᠪᠲᠠᠭᠠᠢ ᠶᠢᠨ ᠬᠠᠮᠠᠭᠠᠯᠠᠯᠳᠠ ᠶᠢᠨ ᠨᠡᠶᠢᠭᠡᠮᠯᠢᠭ 2013 ᠤᠨ ᠳᠤ ᠪᠠᠶᠢᠭᠤᠯᠤᠭᠳᠠᠵᠦ᠂ ᠭᠡᠭᠡᠷ᠎ᠠ ᠶᠢᠨ ᠠᠮᠢᠳᠠᠨ ᠤᠷᠭᠤᠮᠠᠯ ᠤᠨ ᠬᠠᠮᠠᠭᠠᠯᠠᠭᠴᠢ᠂ ᠡᠷᠳᠡᠮ ᠰᠢᠨᠵᠢᠯᠡᠭᠡ ᠰᠤᠷᠭᠠᠨ ᠬᠦᠮᠦᠵᠢᠯ ᠤᠨ ᠠᠵᠢᠯᠳᠠᠨ᠂ ᠲᠤᠰᠬᠠᠢ ᠮᠡᠷᠭᠡᠵᠢᠯᠳᠠᠨ ᠵᠦᠪᠯᠡᠭᠴᠢ᠂ ᠪᠠᠶᠢᠭᠠᠯᠢ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯᠯᠠᠭᠴᠢ᠂ ᠭᠡᠭᠡᠷ᠎ᠠ ᠶᠢᠨ ᠠᠮᠢᠳᠠᠨ ᠤ ᠪᠠᠭ᠋ᠠᠳᠠᠳ ᠨᠠᠷ ᠰᠠᠶᠢᠨ ᠲᠤᠷ᠎ᠠ ᠠᠴᠠ ᠪᠠᠨ ᠪᠠᠶᠢᠭᠤᠯᠤᠭᠰᠠᠨ ᠠᠮᠢ ᠠᠬᠤᠢ ᠶᠢᠨ ᠤᠷᠴᠢᠨ ᠲᠤᠭᠤᠷᠢᠨ ᠤ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠵᠤᠬᠢᠶᠠᠨ ᠪᠠᠶᠢᠭᠤᠯᠤᠯᠳᠠ ᠪᠤᠯᠤᠨ᠎ᠠ᠃ ᠨᠡᠶᠢᠭᠡᠮᠯᠢᠭ ᠤᠨ ᠳᠠᠷᠤᠭ᠎ᠠ ᠸᠠᠩ ᠰᠢᠨ ᠠᠢ᠂ ᠬᠠᠪᠲᠠᠭᠠᠢ ᠶᠢᠨ ᠬᠠᠮᠠᠭᠠᠯᠠᠯᠳᠠ ᠶᠢᠨ ᠭᠠᠵᠠᠷ ᠳᠠᠰᠤᠷᠠᠯᠳᠠ ᠦᠭᠡᠢ ᠦᠷᠬᠡᠵᠢᠬᠦ ᠶᠢ ᠳᠠᠭᠠᠯᠳᠤᠨ᠂ ᠡᠯ᠎ᠠ ᠵᠦᠢᠯ ᠤᠨ ᠵᠢᠭᠤᠷᠠᠯᠳᠤᠭᠠᠨ ᠪᠠ ᠭᠡᠷᠡᠭ ᠵᠠᠶᠢᠯᠠᠰᠢ ᠦᠭᠡᠢ ᠡᠬᠦᠰᠬᠦ ᠪᠤᠯᠤᠨ᠎ᠠ ᠭᠡᠵᠦ ᠭᠡᠯᠡᠪᠡ᠃ ᠰᠢᠨᠵᠢᠶᠠᠩ ᠤᠨ ᠶᠤᠸᠠᠨ ᠵᠧᠩ ᠬᠠᠤᠯᠢᠴᠢ ᠶᠢᠨ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠠᠤᠯᠢᠴᠢ ᠭᠤᠸᠠᠨ ᠶᠦᠩ ᠂ ᠨᠠᠶᠢᠳᠡ ᠶᠢᠨ ᠠᠰᠠᠷᠠᠮᠵᠢ ᠶᠢᠨ ᠭᠡᠯᠪᠡᠷᠢ ᠪᠠᠷ ᠤᠷᠳᠤ ᠬᠤᠭᠤᠴᠠᠭᠠᠨ᠎ᠠ ᠬᠠᠪᠲᠠᠭᠠᠢ ᠶᠢᠨ ᠬᠠᠮᠠᠭᠠᠯᠠᠯᠳᠠ ᠶᠢᠨ ᠠᠵᠢᠯᠳᠠᠨ ᠪᠠ ᠰᠠᠶᠢᠨ ᠲᠤᠷᠠᠴᠤᠳ ᠲᠤ ᠪᠠᠳᠤ ᠪᠠᠬᠢ ᠬᠠᠤᠯᠢ ᠴᠠᠭᠠᠵᠠ ᠶᠢᠨ ᠠᠷᠦ ᠲᠠᠯ᠎ᠠ ᠶᠢᠨ ᠪᠠᠳᠤᠯᠠᠭ᠎ᠠ ᠬᠠᠩᠭᠠᠨ᠎ᠠ ᠭᠡᠵᠦ ᠬᠡᠯᠡᠪᠡ᠃

新疆野骆驼保护有了法律保障

新疆野骆驼保护协会26日聘请一家律师事务所担任法律顾问,以公益的形式为野骆驼保护工作者和志愿者们提供法律保障。

为了提高野骆驼保护的效益和质量,让野骆驼保护协会与野生动植物保护者、志愿者们能够全身心地投入到野生动物保护事业中去,新疆元正律师事务所自26日起开始担任新疆野骆驼保护协会独家公益法律顾问。自此,野骆驼保护协会的文学作品著作权,考察组织活动成果知识产权,有关人员对外交往名誉权,捐赠物资使用知情权等,有了坚实的法律后援保障。

据了解,野骆驼是国际极度濒危物种,已经列入《国家重点保护野生动物名录》,是国家一级保护动物,在国际自然保护联盟发表的红皮书中被列为濒危物种。

新疆野骆驼保护协会成立于2013年,是由野生动植物保护者、科研教育工作者、专家顾问、自然生态环境保护工作者、野生动物爱好者等自发组成的生态保护公益性组织。

会长王新艾说,随着野骆驼保护工作地不断推进,各种纠纷和案件将不可避免。新疆元正律师事务所主任律师关勇表示,将以公益的形式长期为野骆驼保护工作者和志愿者们提供坚实的法律后援保障。

 
 
Posted in ᠤᠷᠤᠨ ᠨᠤᠲᠤᠭ |农牧信息 and tagged .