ᠪᠡᠭᠡᠵᠢᠩ ᠦᠨ 47 ᠡᠮᠨᠡᠯᠭᠡ ᠵᠢᠨ ᠬᠤᠷᠢᠶ᠎ᠠ ᠠᠴᠠ ᠦᠪᠤᠷ ᠮᠤᠩᠭᠤᠯ ᠤᠨ 78·· 47家北京医院将对口支援78家内蒙古医院

47家北京医院将对口支援78家内蒙古医院

新华社呼和浩特4月12日电(记者张丽娜、王靖)记者从内蒙古卫生计生委获悉,北京市卫生计生委与内蒙古卫生计生委11日正式签署协议,决定未来5年47家北京市三级医院将对口支援78家内蒙古医院,其中包括内蒙古31家国家贫困旗(县)医院。

为此,北京市各支援医院每年将派出两批副高级职称医务人员,驻守受援医院开展临床诊疗、教学培训、重点学科建设、新技术拓展等支援工作。根据受援医院的需求,北京将不定期派出专家到受援医院举办专题讲座、教学查房、手术示教、危重病例抢救等。另外,北京还将免费接收受援医院业务人员到对口支援医院接受住院医师、骨干医师、专科医院培训或进修学习。

此次专家认为:北京市三级医院对口帮扶内蒙古贫困旗(县)医院,将进一步提升这些医院的服务能力,改善贫困人口健康水平,助力农村贫困人口脱贫。

ᠪᠡᠭᠡᠵᠢᠩ ᠦᠨ 47 ᠡᠮᠨᠡᠯᠭᠡ ᠵᠢᠨ ᠬᠤᠷᠢᠶ᠎ᠠ ᠠᠴᠠ ᠦᠪᠤᠷ ᠮᠤᠩᠭᠤᠯ ᠤᠨ 78 ᠡᠮᠨᠡᠯᠭᠡ ᠵᠢᠨ ᠬᠤᠷᠢᠶ᠎ᠠ ᠳ᠋ᠤ ᠠᠵᠢᠯ ᠲᠦᠷᠦᠯ ᠦᠨ ᠰᠢᠰᠲ᠋ᠧᠮ ᠤᠨ ᠲᠤᠰᠠᠯᠠᠮᠵᠢ ᠦᠵᠡᠬᠦᠯᠬᠦ ᠪᠡᠷ ᠪᠤᠯᠪᠠ

ᠪᠡᠭᠡᠵᠢᠩ ᠦᠨ 47 ᠡᠮᠨᠡᠯᠭᠡ ᠵᠢᠨ ᠬᠤᠷᠢᠶ᠎ᠠ ᠠᠴᠠ ᠦᠪᠤᠷ ᠮᠤᠩᠭᠤᠯ ᠤᠨ 78 ᠡᠮᠨᠡᠯᠭᠡ ᠵᠢᠨ ᠬᠤᠷᠢᠶ᠎ᠠ ᠳ᠋ᠤ ᠠᠵᠢᠯ ᠲᠦᠷᠦᠯ ᠦᠨ ᠰᠢᠰᠲ᠋ᠧᠮ ᠤᠨ ᠲᠤᠰᠠᠯᠠᠮᠵᠢ ᠦᠵᠡᠬᠦᠯᠬᠦ ᠪᠡᠷ ᠪᠤᠯᠪᠠ
ᠰᠢᠨᠬᠤᠧᠠ ᠬᠤᠷᠢᠶᠠᠨ ᠤ ᠬᠦᠭᠡᠬᠤᠲᠠ ᠵᠢᠨ 4 ᠰᠠᠷ᠎ᠠ ᠵᠢᠨ 12 ᠤᠨ ᠡᠳᠤᠷ ᠤᠨ ᠮᠡᠳᠡᠭᠡ ︵ᠰᠤᠷᠪᠤᠯᠵᠢᠯᠠᠭᠴᠢ ᠵᠠᠩ ᠯᠢ ᠨᠠ᠂ ᠸᠠᠩ ᠵᠢᠩ ︶ ᠰᠤᠷᠪᠤᠯᠵᠢᠯᠠᠭᠴᠢ ᠦᠪᠤᠷ ᠮᠤᠩᠭᠤᠯ ᠤᠨ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠦᠨ ᠠᠵᠢᠯ ᠤᠨ ᠬᠤᠷᠢᠶ᠎ᠠ ᠠᠴᠠ ᠤᠢᠯᠠᠭᠠᠭᠰᠠᠨ ᠨᠢ᠂ 11 ᠤ ᠡᠳᠤᠷ ᠪᠡᠭᠡᠵᠢᠩ ᠬᠤᠲᠠ ᠵᠢᠨ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠦᠨ ᠠᠵᠢᠯ ᠤᠨ ᠬᠤᠷᠢᠶ᠎ᠠ ᠠᠴᠠ ᠦᠪᠤᠷ ᠮᠤᠩᠭᠤᠯ ᠤᠨ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠦᠨ ᠠᠵᠢᠯ ᠤᠨ ᠬᠤᠷᠢᠶ᠎ᠠ  ᠲᠠᠢ ᠠᠯᠪᠠᠨ ᠶᠤᠰᠤ ᠪᠠᠷ ᠬᠡᠯᠡᠯᠴᠡᠭᠡᠷ ᠲᠤᠭᠲᠠᠵᠤ᠂ ᠢᠷᠡᠬᠦ 5 ᠵᠢᠯ ᠳ᠋ᠤ ᠪᠡᠭᠡᠵᠢᠩ ᠦᠨ 47 ᠭᠤᠷᠪᠠᠳᠤᠭᠠᠷ ᠲᠡᠰ ᠦᠨ ᠡᠮᠨᠡᠯᠭᠡ ᠵᠢᠨ ᠬᠤᠷᠢᠶ᠎ᠠ ᠠᠴᠠ ᠦᠪᠤᠷ ᠮᠤᠩᠭᠤᠯ ᠤᠨ 31 ᠤᠯᠤᠰ ᠤᠨ ᠶᠠᠳᠠᠭᠤ ᠬᠦᠴᠢᠷᠲᠡᠢ ᠬᠤᠰᠢᠭᠤᠨ ︵ᠰᠢᠶᠠᠨ ︶ ᠤ ᠡᠮᠨᠡᠯᠭᠡ ᠵᠢᠨ ᠬᠤᠷᠢᠶ᠎ᠠ ᠵᠢ ᠪᠠᠭᠲᠠᠭᠠᠭᠰᠠᠨ 78 ᠡᠮᠨᠡᠯᠭᠡ ᠵᠢᠨ ᠬᠤᠷᠢᠶ᠎ᠠ ᠳ᠋ᠤ ᠠᠵᠢᠯ ᠲᠦᠷᠦᠯ ᠦᠨ ᠰᠢᠰᠲ᠋ᠧᠮ ᠤᠨ ᠲᠤᠰᠠᠯᠠᠮᠵᠢ ᠦᠵᠡᠬᠦᠯᠬᠦ  ᠪᠡᠷ ᠲᠤᠭᠲᠠᠭᠰᠠᠨ ᠪᠠᠢᠨ᠎ᠠ᠃ ᠡᠬᠦᠨ ᠳ᠋ᠤ᠂ ᠪᠡᠭᠡᠵᠢᠩ ᠬᠤᠲᠠ ᠵᠢᠨ ᠡᠯ᠎ᠡ ᠲᠤᠰᠠᠯᠠᠮᠵᠢ ᠦᠵᠡᠬᠦᠯᠬᠦ ᠡᠮᠨᠡᠯᠭᠡ ᠵᠢᠨ ᠬᠤᠷᠢᠶ᠎ᠠ ᠵᠢᠯ ᠪᠤᠯᠭᠠᠨ ᠬᠤᠶᠠᠷ ᠪᠦᠯᠦᠭ ᠲᠡᠳ᠋ ᠲᠡᠭᠡᠳᠥ ᠵᠡᠷᠭᠡ ᠵᠢᠨ ᠮᠡᠷᠭᠡᠵᠢᠯ ᠦᠨ ᠴᠣᠯᠠ ᠪᠦᠬᠦᠢ ᠡᠮᠨᠡᠯᠭᠡ ᠵᠢᠨ ᠠᠵᠢᠯᠲᠠᠨ ᠲᠤᠮᠢᠯᠠᠵᠤ᠂ ᠲᠤᠰᠠᠯᠠᠮᠵᠢ ᠬᠦᠯᠢᠶᠡᠬᠦᠡᠮᠨᠡᠯᠭᠡ ᠵᠢᠨ ᠬᠤᠷᠢᠶ᠎ᠠ ᠨᠤᠭᠤᠳ ᠵᠢᠡᠷ ᠰᠠᠭᠤᠯᠭᠠᠨ᠂ ᠡᠮᠴᠢᠯᠡᠭᠡ᠂ ᠵᠢᠭᠠᠨ ᠰᠤᠷᠭᠠᠯᠲᠠ ᠬᠦᠮᠦᠵᠢᠯ ᠪᠤᠯᠪᠠᠰᠤᠷᠠᠯ᠂ ᠭᠤᠤᠯᠳᠠᠯᠭ᠎ᠠ ᠲᠠᠢ ᠰᠢᠨᠵᠢᠯᠡᠭᠡᠨ ᠦ ᠰᠠᠯᠠᠭᠠᠨ ᠤ ᠪᠠᠢᠭᠤᠯᠤᠯᠲᠠ᠂ ᠰᠢᠨ᠎ᠡ ᠮᠡᠷᠭᠡᠵᠢᠯ ᠦᠨ ᠲᠡᠯᠭᠡᠷᠡᠬᠦᠯᠦᠯᠲᠡ ᠵᠡᠷᠭᠡ ᠲᠤᠰᠠᠯᠠᠮᠵᠢ ᠵᠢᠨ ᠠᠵᠢᠯ ᠬᠢᠯᠭᠡᠬᠦᠪᠤᠯᠤᠨ᠎ᠠ᠃ ᠲᠤᠰᠠᠯᠠᠮᠵᠢ ᠬᠦᠯᠢᠶᠡᠬᠦ ᠡᠮᠨᠡᠯᠭᠡ ᠵᠢᠨ ᠬᠤᠷᠢᠶᠠᠨ ᠤ ᠬᠡᠷᠡᠭᠴᠡᠭᠡ ᠵᠢ ᠦᠨᠳᠦᠰᠦᠯᠡᠵᠤ᠂ ᠪᠡᠭᠡᠵᠢᠩ ᠬᠤᠲᠠ ᠵᠢᠨ ᠬᠢᠨ ᠲᠤᠭᠲᠠᠮᠠᠯ ᠬᠤᠭᠤᠴᠠᠭ᠎ᠠ ᠦᠭᠡᠢ ᠪᠠᠷ ᠲᠤᠰᠬᠠᠢ ᠮᠡᠷᠭᠡᠵᠢᠯᠲᠡᠨ ᠲᠤᠮᠢᠯᠠᠵᠤ ᠲᠤᠰᠠᠯᠠᠮᠵᠢ ᠬᠦᠯᠢᠶᠡᠬᠦ ᠡᠮᠨᠡᠯᠭᠡ ᠵᠢᠨ ᠬᠤᠷᠢᠶ᠎ᠠ ᠳ᠋ᠤ ᠲᠤᠰᠬᠠᠢ ᠰᠡᠳᠦᠪᠳᠤ ᠢᠯᠡᠳᠭᠡᠯ ᠬᠢᠬᠦ᠂ ᠡᠪᠡᠳᠴᠢᠨ ᠦ ᠦᠷᠦᠭᠡ ᠪᠡᠷ ᠲᠤᠭᠤᠷᠢᠨ ᠦᠵᠡᠵᠤ ᠵᠢᠭᠠᠨ ᠰᠤᠷᠭᠠᠬᠤ᠂ ᠮᠡᠰᠡ ᠵᠠᠰᠠᠯ ᠳ᠋ᠤ ᠲᠠᠭᠠᠭᠤᠯᠤᠨ ᠰᠤᠷᠭᠠᠬᠤ᠂ ᠬᠦᠨᠳᠤ ᠲᠦᠭᠰᠢᠬᠦᠷᠢᠲᠠᠢ ᠡᠪᠡᠳᠴᠢᠲᠡᠨ ᠢ ᠲᠦᠷᠭᠡᠨ ᠠᠪᠤᠷᠠᠬᠤ ᠵᠡᠷᠭᠡ ᠠᠵᠢᠯ ᠬᠢᠯᠭᠡᠨ᠎ᠡ᠃ ᠡᠬᠦᠨ ᠡᠴᠡ ᠭᠠᠳᠠᠨ᠎ᠠ᠂ ᠪᠡᠭᠡᠵᠢᠩ ᠬᠤᠲᠠ ᠵᠢᠨ ᠬᠢᠨ ᠪᠠᠰᠠ ᠲᠤᠰᠠᠯᠠᠮᠵᠢ ᠬᠦᠯᠢᠶᠡᠭᠦ ᠡᠮᠨᠡᠯᠭᠡ ᠵᠢᠨ ᠬᠤᠷᠢᠶᠠᠨ ᠤ ᠲᠤᠬᠠᠢᠯᠠᠭᠰᠠᠨ ᠠᠵᠢᠯᠲᠠᠨ ᠢ ᠲᠤᠰᠠᠯᠠᠮᠵᠢ ᠦᠵᠡᠬᠦᠯᠬᠦ ᠡᠮᠨᠡᠯᠭᠡ ᠵᠢᠨ ᠬᠤᠷᠢᠶ᠎ᠠ ᠳ᠋ᠤ ᠢᠷᠡᠬᠦᠯᠵᠤ ᠰᠦᠢᠳᠭᠡᠯ ᠠᠪᠬᠤ  ᠦᠭᠡᠢ  ᠪᠡᠷ ᠪᠤᠯᠪᠠᠰᠤᠷᠠᠯ ᠳ᠋ᠤ ᠤᠷᠤᠯᠴᠠᠭᠤᠯᠬᠤ ᠪᠤᠶᠤ ᠰᠤᠷᠤᠯᠴᠠᠭᠤᠯᠬᠤ ᠪᠤᠯᠤᠨ᠎ᠠ᠃ ᠲᠤᠰᠬᠠᠢ ᠮᠡᠷᠭᠡᠵᠢᠯᠲᠡᠨ ᠦ ᠦᠵᠡᠬᠦ ᠪᠡᠷ᠄ ᠪᠡᠭᠡᠵᠢᠩ ᠬᠤᠲᠠ ᠵᠢᠨ ᠭᠤᠷᠪᠠᠳᠤᠭᠠᠷ ᠲᠡᠰ ᠦᠨ ᠡᠮᠨᠡᠯᠭᠡ ᠵᠢᠨ ᠬᠤᠷᠢᠶ᠎ᠠ ᠠᠴᠠ ᠦᠪᠤᠷ ᠮᠤᠩᠭᠤᠯ ᠤᠨ ᠶᠠᠳᠠᠭᠤ ᠬᠦᠴᠢᠷᠲᠠᠢ ᠬᠤᠰᠢᠭᠤᠨ ︵ᠰᠢᠶᠠᠨ ︶ ᠤ ᠡᠮᠨᠡᠯᠭᠡ ᠵᠢᠨ ᠬᠤᠷᠢᠶ᠎ᠠ ᠳ᠋ᠤ ᠠᠵᠢᠯ ᠲᠦᠷᠦᠯ ᠦᠨ ᠰᠢᠰᠲ᠋ᠧᠮ ᠤᠨ ᠲᠡᠮᠵᠢᠯᠭᠡ ᠦᠵᠡᠬᠦᠯᠬᠦ ᠨᠢ ᠡᠳᠡᠭᠡᠷ ᠡᠮᠨᠡᠯᠭᠡ ᠵᠢᠨ ᠬᠤᠷᠢᠶᠠᠨ ᠤ ᠦᠢᠯᠡᠴᠢᠯᠡᠭᠡᠨ ᠦ ᠴᠢᠳᠠᠪᠤᠷᠢ ᠵᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠶᠠᠳᠠᠭᠤ ᠬᠦᠴᠢᠷᠲᠡᠢ ᠬᠦᠮᠦᠨ ᠠᠮᠠ ᠵᠢᠨ ᠡᠷᠡᠬᠦᠯ ᠮᠡᠨᠳᠤ ᠵᠢᠨ ᠬᠢᠷᠢ ᠲᠦᠪᠰᠢᠨ ᠢ ᠰᠠᠢᠵᠢᠷᠠᠭᠤᠯᠵᠤ᠂ ᠬᠦᠳᠡᠭᠡ ᠲᠤᠰᠬᠤᠨ ᠤ ᠶᠠᠳᠠᠭᠤ ᠬᠦᠴᠢᠷᠲᠠᠢ ᠬᠦᠮᠦᠨ ᠠᠮᠠ ᠵᠢᠨ ᠶᠠᠳᠠᠭᠤ ᠠᠴᠠ ᠠᠩᠬᠢᠵᠢᠷᠠᠬᠤ ᠳ᠋ᠤ ᠬᠦᠴᠦᠨ ᠨᠡᠮᠡᠬᠦ ᠪᠤᠯᠤᠨ᠎ᠠ᠃

ᠠᠷᠠᠳ ᠤᠨ ᠰᠦᠯᠵᠢᠶ᠎ᠡ

Posted in ᠠᠮᠢᠳᠤᠷᠠᠯ ᠤᠨ ᠬᠠᠨᠢ|生活之友 and tagged .