ᠬᠦᠬᠡᠬᠤᠲᠠ ᠶᠢᠨ ᠮᠤᠨᠭᠭᠤᠯ ᠬᠡᠯᠡ ᠪᠢᠴᠢᠭ᠌ ᠤᠨ ᠠᠵᠢᠯ ᠦᠷᠨᠢᠨ ᠬᠦᠭ᠍ᠵᠢᠵᠦ ᠪᠤᠢ 呼和浩特蒙古语文工作繁荣发展

 

ᠬᠦᠬᠡᠬᠤᠲᠠ ᠶᠢᠨ ᠮᠤᠨᠭᠭᠤᠯ ᠬᠡᠯᠡ ᠪᠢᠴᠢᠭ᠌ ᠤᠨ ᠠᠵᠢᠯ ᠦᠷᠨᠢᠨ ᠬᠦᠭ᠍ᠵᠢᠵᠦ ᠪᠤᠢ

ᠢᠷᠠᠭᠤ ᠤᠩᠰᠢᠯᠭ᠎ᠠ ᠪᠡᠷ ᠢᠶᠡᠨ ᠦᠵᠡᠭ᠍ᠴᠢᠳ ᠤᠨ ᠪᠠᠬᠠᠷᠬᠠᠯ ᠢ ᠲᠠᠲᠠᠳᠠᠬ《ᠳᠠᠷᠬᠠᠨ》ᠴᠤᠮᠤ ᠰᠢᠯᠦᠭ ᠤᠨ ᠤᠷᠠᠨ ᠤᠨᠭᠰᠢᠯᠭ᠎ ᠎ᠠ ᠶᠢᠨ ᠲᠡᠮᠡᠴᠡᠭᠡᠨ ᠢ ᠳᠠᠶᠠᠭᠠᠷ ᠰᠠᠶᠢᠨ ᠮᠡᠳᠡᠵᠦ ᠲᠠᠭᠠᠷᠠᠨ᠎ᠠ᠃ ᠦᠨᠦ ᠵᠢᠯ ᠠᠷᠪᠠᠳᠠᠬᠢ ᠤᠳᠠᠭ᠎ᠠ ᠪᠠᠨ ᠵᠤᠬᠢᠶᠠᠨ ᠪᠠᠶᠢᠭᠤᠯᠤᠬᠳᠠᠵᠦ ᠪᠤᠢ 《ᠳᠠᠷᠬᠠᠨ》ᠴᠤᠮᠤ ᠰᠢᠯᠦᠭ᠌᠋ ᠤᠨ ᠤᠷᠠᠨ ᠤᠨᠭᠰᠢᠯᠭ᠎ᠠ ᠶᠢᠨ ᠲᠡᠮᠡᠴᠡᠭᠡᠨ ᠨᠢ ᠦᠪᠦᠷ ᠮᠤᠨᠭᠭᠤᠯ ᠤᠨ ᠬᠦᠬᠡᠬᠤᠲᠠ ᠶᠢᠨ ᠮᠤᠨᠭᠭᠤᠯ ᠦᠨᠳᠦᠰᠦᠲᠡᠨ ᠤ ᠰᠤᠷᠤᠬᠴᠢᠳ ᠤᠨ ᠤᠷ᠎ᠠ ᠠᠪᠢᠶᠠᠰ ᠢᠶᠡᠨ ᠦᠵᠡᠭᠦᠯᠭᠦ ᠰᠠᠶᠢᠨ ᠲᠤᠬᠢᠶᠠᠯ ᠪᠤᠯᠬᠤ ᠪᠡᠷ ᠦᠯᠦ ᠪᠠᠷᠠᠨ ᠮᠦᠨ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ᠂ ᠲᠡᠷᠡᠴᠢᠯᠡᠨ ᠤᠯᠤᠰ ᠤᠨ ᠬᠡᠪᠴᠢᠶᠡᠨ ᠳᠤ ᠨᠦᠯᠦᠭᠡ ᠶᠡᠬᠡᠲᠡᠢ ᠦᠨᠳᠦᠰᠦᠲᠡᠨ ᠤ ᠤᠨᠴᠠᠯᠢᠬᠲᠤ ᠰᠤᠶᠤᠯ ᠤᠨ ᠠᠵᠢᠯᠯᠠᠭ᠎ᠠ ᠪᠤᠯᠬᠤ ᠶᠤᠮ᠃ ᠲᠡᠷᠡ ᠨᠢ ᠮᠦᠨ ᠬᠦᠬᠡᠬᠤᠲᠠ ᠶᠢᠨ ᠠᠯᠢ ᠤᠯᠠᠨ ᠮᠤᠨᠭᠭᠤᠯ ᠬᠡᠯᠡ ᠪᠢᠴᠢᠭ᠌ ᠤᠨ ᠪᠦᠲᠦᠭᠡᠯᠴᠢ ᠠᠵᠢᠯᠯᠠᠭᠠᠨ ᠤ ᠨᠡᠶᠢᠲᠡᠯᠢᠭ᠌ ᠵᠢᠱᠢᠶ᠎ᠠ ᠪᠠᠶᠢᠭ᠎ᠠ ᠶᠤᠮ᠃

ᠤᠯᠠᠨ ᠵᠢᠯ ᠤᠨ ᠲᠤᠷᠰᠢ᠂ ᠬᠦᠬᠡᠬᠤᠲᠠ ᠨᠠᠮ ᠤᠨ ᠦᠨᠳᠦᠰᠦᠲᠡᠨ ᠤ  ᠲᠦᠷᠦ ᠶᠢᠨ ᠪᠤᠳᠤᠯᠭ᠎᠎ᠠ ᠪᠤᠯᠤᠨ ᠦᠨᠳᠦᠰᠦᠲᠡᠨ ᠤ ᠬᠡᠯᠡ ᠪᠢᠴᠢᠭ᠌ ᠤᠨ ᠲᠦᠷᠦ ᠶᠢᠨ ᠪᠤᠳᠤᠯᠭ᠎ᠠ ᠵᠢ ᠲᠤᠤᠱᠲᠠᠢ ᠨᠠᠶᠢᠳᠠᠪᠤᠷᠢᠵᠢᠭᠤᠯᠵᠦ᠂ ᠮᠤᠨᠭᠭᠤᠯ ᠬᠡᠯᠡ ᠪᠢᠴᠢᠭ᠌ ᠤᠨ ᠠᠵᠢᠯ ᠢ ᠠᠬᠢᠭᠤᠯᠤᠨ᠂ ᠮᠤᠨᠭᠭᠤᠯ ᠬᠡᠯᠡ ᠪᠢᠴᠢᠭ᠌ ᠤᠨ ᠬᠠᠤᠯᠢ ᠳᠦᠷᠢᠮ᠂ ᠦᠨᠳᠦᠰᠦᠲᠡᠨ ᠤ ᠰᠤᠷᠭᠠᠨ ᠬᠦᠮᠦᠵᠢᠯ᠂ ᠬᠡᠪᠯᠡᠯ ᠮᠡᠳᠡᠭᠡᠯᠡᠯ᠂ ᠰᠢᠨᠵᠢᠡᠯᠬᠦ ᠤᠬᠠᠭᠠᠨ᠂ ᠮᠤᠨᠭᠭᠤᠯ ᠬᠡᠯᠡ ᠪᠢᠴᠢᠭ᠌ ᠤᠨ ᠤᠷᠴᠢᠭᠤᠯᠭ᠎ᠠ ᠵᠡᠷᠭᠡ ᠲᠠᠯ᠎ᠠ ᠳᠤ ᠡᠯᠪᠡᠭ᠌ ᠠᠮᠵᠢᠯᠲᠠ ᠤᠯᠵᠠᠢ᠃

2011 ᠤᠨ ᠳᠤ ᠪᠠᠶᠢᠭᠤᠯᠤᠬᠳᠠᠬᠰᠠᠨ ᠮᠤᠨᠭᠭᠤᠯ ᠬᠡᠯᠡ ᠰᠤᠷᠬᠤ ᠠᠩᠬᠢ ᠨᠢ ᠤᠳᠤ ᠬᠦᠬᠡᠬᠤᠲᠠ ᠶᠢᠨ ᠢᠷᠭᠡᠳ ᠤᠨ ᠮᠤᠨᠭᠭᠤᠯ ᠬᠡᠯᠡ ᠪᠢᠴᠢᠭ᠌ ᠰᠤᠷᠬᠤ ᠰᠠᠶᠢᠨ ᠲᠠᠪᠴᠠᠩ ᠪᠤᠯᠤᠭᠠᠳ᠂ ᠠᠩᠬᠢ ᠡᠷᠬᠢᠯᠡᠭᠰᠡᠨ ᠡᠴᠡ ᠨᠠᠰᠢ ᠠᠳᠠᠯᠢ ᠪᠤᠰᠤ ᠠᠵᠢᠯ ᠮᠡᠷᠭᠡᠵᠢᠯ ᠤᠨ 500 ᠭᠠᠷᠦᠢ ᠬᠦᠮᠦᠨ ᠡᠨᠡ ᠠᠩᠬᠢ ᠳᠤ ᠰᠤᠷᠤᠯᠴᠠᠪᠠ᠃

ᠰᠡᠴᠡᠨᠵᠠᠶᠠᠭ᠎ᠠ ᠪᠤᠯ ᠤᠳᠬ᠎ᠠ ᠰᠤᠶᠤᠯ ᠤᠨ ᠵᠠᠯᠠᠭᠤ ᠠᠵᠢᠯᠲᠠᠨ᠂ 《ᠤᠨᠭᠭᠤᠨ ᠰᠠᠷᠠᠯ》 ᠰᠡᠳᠬᠦᠯ ᠳᠡᠭᠡᠷ᠎ᠡ ᠡᠴᠡ ᠲᠡᠬᠦᠨ ᠤ ᠪᠦᠲᠦᠭᠡᠯ ᠢ ᠤᠯᠠᠨᠲᠠ ᠤᠯᠵᠦ ᠬᠠᠷᠠᠳᠠᠬ᠃ ᠲᠡᠷᠡ ᠰᠤᠷᠪᠤᠯᠵᠢᠯᠠᠬᠴᠢ ᠳᠤ᠄《ᠡᠨᠡ ᠰᠡᠳᠬᠦᠯ ᠨᠢ ᠮᠤᠨᠭᠭᠤᠯ ᠦᠨᠳᠦᠰᠦᠲᠡᠨ ᠤ ᠤᠩᠰᠢᠬᠴᠢᠳ ᠤᠨ ᠳᠤᠮᠳᠠ ᠮᠠᠰᠢ ᠬᠦᠷᠢᠶᠡᠯᠡᠯ ᠲᠠᠢ᠂ ᠬᠦᠬᠡᠬᠤᠲᠠ ᠶᠢᠨ ᠮᠤᠨᠭᠭᠤᠯᠴᠤᠳ ᠤᠨ ᠦᠨᠳᠦᠰᠦᠲᠡᠨ᠂ ᠱᠠᠰᠢᠨ ᠰᠤᠷᠳᠠᠬᠤᠨ᠂ ᠮᠤᠨᠭᠭᠤᠯ ᠬᠡᠯᠡ ᠪᠢᠴᠢᠭ᠌ ᠤᠨ ᠠᠵᠢᠯ ᠢ ᠤᠶᠢᠯᠠᠭᠠᠬᠤ ᠪᠠ ᠦᠪᠡᠷ ᠤᠨ ᠪᠦᠲᠦᠭᠡᠯ ᠢᠶᠡᠨ ᠨᠡᠶᠢᠲᠡᠯᠡᠬᠦ᠂ ᠬᠦᠬᠡᠬᠤᠲᠠ ᠶᠢᠨ ᠲᠡᠦᠬᠡ ᠰᠤᠶᠤᠯ ᠢ ᠳᠡᠯᠭᠡᠬᠦ᠂ ᠬᠦᠬᠡᠬᠤᠲᠠ ᠶᠢᠨ ᠮᠤᠨᠭᠭᠤᠯᠴᠤᠳ ᠤᠨ ᠬᠡᠪ ᠨᠠᠮᠪᠠ ᠵᠢ ᠬᠠᠷᠠᠭᠤᠯᠬᠤ ᠰᠠᠶᠢᠬᠠᠨ ᠠᠴᠢᠶᠠᠯᠠᠪᠤᠷᠢ ᠪᠤᠯᠤᠨ᠎ᠠ》ᠭᠡᠵᠦ ᠶᠠᠷᠢᠵᠦ ᠪᠠᠶᠢᠪᠠ᠃

ᠦᠨᠦ ᠵᠢᠯ ᠬᠤᠶᠠᠷ ᠨᠠᠰᠤᠲᠠᠢ ᠴᠢᠮᠡᠳ ᠢᠷᠡᠬᠦ ᠵᠢᠯ ᠴᠡᠴᠡᠷᠯᠢᠭ᠌ ᠲᠤ ᠤᠷᠤᠬᠤ ᠪᠤᠯᠤᠨ᠎ᠠ᠃ ᠡᠵᠢ ᠨᠢ ᠬᠦᠬᠡᠬᠤᠲᠠ ᠶᠢᠨ ᠮᠤᠨᠭᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠌ ᠲᠤ ᠨᠡᠷ᠎ᠡ ᠵᠢ ᠨᠢ ᠮᠡᠳᠡᠭᠦᠯᠵᠡᠢ᠃《ᠰᠤᠷᠤᠯᠭ᠎ᠠ ᠶᠢᠨ ᠲᠦᠯᠦᠪᠦᠷᠢ ᠵᠢ ᠨᠢ ᠴᠢᠯᠦᠭᠡᠯᠡᠭᠰᠡᠨ ᠡᠴᠡ ᠭᠠᠳᠠᠨ᠎ᠠ᠂ ᠤᠯᠤᠰ ᠡᠴᠡ ᠪᠠᠰᠠ ᠮᠤᠨᠭᠭᠤᠯ ᠦᠨᠳᠦᠰᠦᠲᠡᠨ ᠤ ᠬᠡᠦᠬᠡᠳ ᠲᠤ ᠤᠯᠠᠨ ᠲᠦᠷᠦᠯ ᠤᠨ ᠨᠦᠬᠦᠪᠦᠷᠢ ᠦᠭ᠍ᠴᠦ ᠪᠤᠢ᠃ ᠠᠵᠠ ᠪᠡᠷ ᠲᠦᠷᠦ ᠶᠢᠨ ᠪᠤᠳᠤᠯᠭ᠎ᠠ ᠶᠢᠨ ᠰᠠᠶᠢᠨ ᠢ ᠬᠦᠷᠲᠬᠦ ᠪᠤᠯᠤᠨ᠎ᠠ》 ᠭᠡᠵᠦ ᠴᠢᠮᠡᠳ ᠤᠨ ᠡᠵᠢ ᠶᠠᠷᠢᠵᠦ ᠪᠠᠶᠢᠯ᠎ᠠ᠃

ᠤᠯᠠᠨ ᠵᠢᠯ ᠤᠨ ᠲᠤᠷᠰᠢ᠂ ᠲᠦᠷᠦ ᠶᠢᠨ ᠪᠤᠳᠤᠯᠭ᠎ᠠ᠎ ᠶᠢᠨ ᠳᠡᠮᠵᠢᠯᠭᠡ ᠨᠢ ᠬᠦᠬᠡᠬᠤᠲᠠ ᠶᠢᠨ ᠮᠤᠨᠭᠭᠤᠯ ᠬᠡᠯᠡ ᠪᠢᠴᠢᠭ᠌ ᠰᠤᠷᠭᠠᠨ ᠬᠦᠮᠦᠵᠢᠯ ᠤᠨ ᠦᠢᠯᠡᠰ ᠢ ᠰᠢᠨ᠎ᠡ ᠬᠦᠭ᠍ᠵᠢᠯᠲᠡ ᠲᠠᠢ ᠪᠤᠯᠭᠠᠯ᠎ᠠ᠃ ᠬᠦᠬᠡᠬᠤᠲᠠ ᠶᠢᠨ ᠠᠯᠪᠠᠨ ᠡᠴᠡ ᠡᠷᠬᠢᠯᠡᠭᠰᠡᠨ ᠮᠤᠨᠭᠭᠤᠯ ᠢᠶᠡᠷ ᠬᠢᠴᠢᠶᠡᠯᠯᠡᠬᠦ ᠴᠡᠴᠡᠷᠯᠢᠭ᠌᠋᠌᠂ ᠰᠤᠷᠭᠠᠭᠤᠯᠢ ᠶᠢᠨ ᠨᠠᠰᠤᠨ ᠡᠴᠡ ᠡᠮᠦᠨᠡᠬᠢ ᠮᠤᠨᠭᠭᠤᠯ ᠦᠨᠳᠦᠰᠦᠲᠡᠨ ᠤ ᠬᠡᠦᠬᠡᠳ ᠤᠨ ᠵᠢᠯ ᠪᠦᠷᠢ ᠬᠦᠮᠦᠨ ᠪᠦᠷᠢ ᠶᠢᠨ 2400 ᠲᠦᠭᠦᠷᠢᠭ᠌ ᠠᠰᠠᠷᠠᠨ ᠬᠦᠮᠦᠵᠢᠭᠦᠯᠬᠦ ᠲᠦᠯᠦᠪᠦᠷᠢ ᠵᠢ ᠴᠢᠯᠦᠭᠡᠯᠡᠬᠦ ᠲᠦᠷᠦ ᠶᠢᠨ ᠪᠤᠳᠤᠯᠭ᠎ᠠ ᠵᠢ ᠬᠡᠷᠡᠭᠵᠢᠭᠦᠯᠵᠤ ᠪᠠᠶᠢᠬᠤ ᠪᠠ ᠪᠠᠰᠠ ᠵᠢᠯ ᠪᠦᠷᠢ 120 ᠲᠦᠮᠡᠨ ᠲᠦᠭᠦᠷᠢᠭ᠌ ᠵᠠᠷᠤᠴᠠᠭᠤᠯᠵᠦ᠂ ᠦᠨᠳᠦᠷ ᠳᠤᠮᠳᠠᠳᠤ ᠶᠢᠨ ᠮᠤᠨᠭᠭᠤᠯ ᠦᠨᠳᠦᠰᠦᠲᠡᠨ ᠤ ᠰᠤᠷᠤᠬᠴᠢᠳ ᠤᠨ ᠰᠤᠷᠤᠯᠭ᠎ᠠ ᠶᠢᠨ ᠲᠦᠯᠦᠪᠦᠷᠢ ᠵᠢ ᠴᠢᠯᠦᠭᠡᠯᠡᠨ᠂ ᠮᠤᠨᠭᠭᠤᠯ ᠢᠶᠡᠷ ᠬᠢᠴᠢᠶᠡᠯᠯᠡᠬᠦ ᠰᠤᠷᠤᠬᠴᠢᠳ ᠲᠤ 15 ᠵᠢᠯ ᠲᠦᠯᠦᠪᠦᠷᠢ ᠦᠭᠡᠢ ᠰᠤᠷᠭᠠᠨ ᠬᠦᠮᠦᠵᠢᠯ ᠬᠦᠷᠲᠡᠭᠡᠬᠦ ᠭᠡᠳᠡᠭ ᠢ ᠪᠡᠶᠡᠯᠡᠭᠦᠯᠵᠡᠢ᠃

ᠤᠯᠠᠨ ᠵᠢᠯ ᠤᠨ ᠴᠢᠷᠮᠠᠶᠢᠯᠭ᠎ᠠ ᠪᠡᠷ ᠬᠦᠬᠡᠬᠤᠲᠠ ᠶᠢᠨ ᠮᠤᠨᠭᠭᠤᠯ ᠬᠡᠯᠡ ᠪᠢᠴᠢᠭ᠌ ᠤᠨ ᠠᠵᠢᠯ ᠪᠦᠬᠦ ᠲᠠᠯ᠎ᠠ ᠪᠡᠷ ᠬᠦᠭ᠍ᠵᠢᠵᠦ᠂ ᠡᠯ᠎ᠡ ᠠᠵᠢᠯ ᠲᠦᠷᠦᠯ ᠤᠨ ᠳᠤᠮᠳᠠ ᠢᠯᠡᠳᠳᠡ ᠠᠮᠵᠢᠯᠲᠠ ᠭᠠᠷᠭᠠᠵᠠᠢ᠃ ᠡᠨᠡ ᠨᠢ ᠮᠤᠨᠭᠭᠤᠯ ᠦᠨᠳᠦᠰᠦᠲᠡᠨ ᠤ ᠬᠦᠮᠦᠰ ᠤᠨ ᠤᠶᠤᠨ ᠤ ᠠᠮᠢᠳᠤᠷᠠᠯ ᠢ ᠪᠠᠶᠠᠯᠢᠬᠵᠢᠭᠤᠯᠤᠬᠰᠠᠨ ᠵᠢᠡᠷ ᠪᠠᠷᠠᠬᠤ ᠦᠭᠡᠢ ᠮᠤᠨᠭᠭᠤᠯ ᠬᠡᠯᠡ ᠪᠢᠴᠢᠭ᠌ ᠤᠨ ᠠᠵᠢᠯ ᠤᠨ ᠦᠷᠨᠢᠨ ᠬᠦᠭ᠍ᠵᠢᠬᠦ ᠵᠢ ᠠᠬᠢᠭᠤᠯᠵᠦ᠂ ᠡᠯ᠎ᠠ ᠦᠨᠳᠦᠰᠦᠲᠡᠨ ᠤ ᠤᠯᠠᠨ ᠨᠡᠶᠢᠲᠡ ᠶᠢᠨ ᠬᠠᠷᠢᠯᠴᠠᠭ᠎ᠠ ᠵᠢ ᠵᠤᠵᠠᠭᠠᠳᠬᠠᠨ᠂ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠡᠷ ᠪᠦᠲᠦᠭᠡᠨ ᠪᠠᠶᠢᠭᠤᠯᠬᠤ ᠢᠳᠡᠭᠡᠯ ᠵᠤᠷᠢᠬ ᠢ ᠬᠦᠪᠴᠢᠯᠡᠵᠡᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠡᠴᠡ ᠤᠷᠴᠢᠭᠤᠯᠤᠨ ᠨᠠᠶᠢᠷᠠᠭᠤᠯᠪᠠ

 
 

呼和浩特蒙古语文工作繁荣发展

在绚丽的舞台上,蒙古族少年青格乐正在用蒙古语深情朗诵,他的表演赢得了台下观众的阵阵掌声。这是“达尔罕”诗歌朗诵比赛的现场。如今,连续举办了十届的“达尔罕”诗歌朗诵比赛不仅是呼和浩特地区蒙古族学生展现自我的平台,更成为在自治区和全国有影响力的具有浓郁民族特色的文化品牌。

“达尔罕”诗歌朗诵比赛只是我市蒙古语文工作通过创新思路,开展各项活动的一个缩影。多年来,呼和浩特市始终坚持贯彻落实党的民族政策和民族语文政策,大力推动蒙古语文工作的发展,在蒙古语文政策法规建设、民族教育、新闻广播、科学研究和蒙古语文翻译等方面取得了丰硕成果。如今,在首府的各个领域,蒙古语文工作百花齐放。

2011年开办的蒙古语会话班,已成为市民学习蒙古语言文字的最好平台,开班以来,不同行业、不同职业的500余人参加了会话班学习。如今,土默特左旗和托克托县也开办了蒙古语会话班,满足了当地群众学习蒙古语的要求。

斯钦吉雅是个文艺青年,在蒙古语文杂志《翁公萨日拉》上经常能够看到他的文章,他告诉记者,这是一本在蒙古族读者中传阅度非常高的杂志,作为呼和浩特市唯一的蒙古语文期刊,它不仅是呼和浩特地区蒙古族群众了解和掌握我市民族宗教蒙古语文工作的平台,同时,也是发表文章、创作、展现呼和浩特市历史文化,展示呼和浩特市蒙古族风采的载体。

今年两岁的蒙古族小朋友齐木德,明年就要上幼儿园了,他的妈妈刚在呼市蒙古族幼儿园分园给他报了名,“除了减免费用,国家还给蒙古族小朋友各项补贴,真是赶上了党的好政策!”齐木德的妈妈开心地说。

多年来,政策扶持使我市蒙古语文教育事业取得新发展。在我市公办民族幼儿园接受蒙古语授课学前教育的蒙古族幼儿免除保教费的政策,每人每年补助保教费2400元;每年投入近120万元,优先为蒙古语授课高中阶段学生免除学费,实现了蒙古语授课学生15年免费教育。

通过多年的努力,如今,首府蒙古语文工作得到了全面发展,在各行各业取得的成就,不仅满足和丰富了蒙古族群众的精神文化生活,推动了蒙古语文事业的繁荣发展,还架起了群众心灵沟通的桥梁,蒙、汉及各民族群众和睦相处、团结友爱,手拉手心连心,信心百倍地在建设小康社会的道路上阔步前进。

 
 
Posted in ᠰᠤᠷᠭᠠᠨ ᠬᠦᠮᠦᠵᠢᠯ |教育信息 and tagged .