ᠰᠦᠨᠢᠳ ᠪᠠᠷᠠᠭᠤᠨ ᠬᠤᠰᠢᠭᠤ 《ᠲᠤᠮᠳᠠᠳᠤ ᠤᠯᠤᠰ ᠤᠨ ᠲᠠᠯ᠎ᠠ ᠨᠤᠳᠤᠭ ᠤᠨ ···西苏旗成功获得“中国草原快骥之乡”荣誉称号

 

ᠰᠦᠨᠢᠳ ᠪᠠᠷᠠᠭᠤᠨ ᠬᠤᠰᠢᠭᠤ 《ᠲᠤᠮᠳᠠᠳᠤ ᠤᠯᠤᠰ ᠤᠨ ᠲᠠᠯ᠎ᠠ ᠨᠤᠳᠤᠭ ᠤᠨ ᠬᠤᠷᠳᠤᠨ ᠮᠤᠷᠢᠨ ᠤ ᠨᠤᠳᠤᠭ》 ᠢᠶᠠᠷ ᠨᠡᠷᠡᠶᠢᠳᠦᠭᠳᠡᠪᠡ

ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠤᠢᠢᠯᠠᠭᠠᠭᠰᠠᠨ ᠢᠶᠠᠷ᠂ ᠲᠤᠮᠳᠠᠳᠤ ᠤᠯᠤᠰ ᠤᠨ ᠮᠤᠷᠢᠨ ᠤ ᠦᠢᠯᠡᠰ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠲᠤᠮᠳᠠᠳᠤ ᠤᠯᠤᠰ ᠤᠨ ᠮᠤᠷᠢᠨ ᠤ ᠦᠢᠯᠡᠰ ᠤᠨ ᠨᠡᠶᠢᠭᠡᠮᠯᠢᠭ ᠤᠨ ᠮᠤᠷᠢᠨ ᠤᠷᠤᠯᠳᠤᠭᠠᠨ ᠤ ᠵᠦᠪᠯᠡᠯ ᠠᠴᠠ ᠲᠠᠭᠠᠭᠠᠴᠢᠯᠠᠨ ᠡᠷᠬᠢᠯᠡᠭᠰᠡᠡ 《ᠲᠤᠮᠳᠠᠳᠤ ᠤᠯᠤᠰ ᠤᠨ ᠲᠠᠯ᠎ᠠ ᠨᠤᠳᠤᠭ ᠤᠨ ᠬᠤᠷᠳᠤᠨ ᠮᠤᠷᠢᠨ ᠤ ᠨᠤᠳᠤᠭ》 ᠢ ᠨᠡᠷᠡᠶᠢᠳᠬᠦ ᠲᠤᠰᠬᠠᠢ ᠮᠡᠷᠭᠡᠵᠢᠯᠳᠡᠨ ᠤ ᠬᠢᠨᠠᠨ ᠲᠤᠭᠳᠠᠭᠠᠬᠤ ᠬᠤᠷᠠᠯ ᠤᠢᠢᠷ᠎ᠠ ᠳᠤ ᠪᠡᠭᠡᠵᠢᠩ ᠳᠤ ᠶᠠᠪᠤᠭᠳᠠᠵᠤ᠂ ᠮᠠᠨ ᠤ ᠤᠷᠤᠨ ᠤ ᠰᠦᠨᠢᠳ ᠪᠠᠷᠠᠭᠤᠨ ᠬᠤᠰᠢᠭᠤ 《ᠲᠤᠮᠳᠠᠳᠤ ᠤᠯᠤᠰ ᠤᠨ ᠲᠠᠯ᠎ᠠ ᠨᠤᠳᠤᠭ ᠤᠨ ᠬᠤᠷᠳᠤᠨ ᠮᠤᠷᠢᠨ ᠤ ᠨᠤᠳᠤᠭ》 ᠢᠶᠠᠷ ᠨᠡᠷᠡᠶᠢᠳᠦᠭᠳᠡᠵᠠᠢ᠃

ᠠᠯᠢ ᠡᠷᠳᠡ ᠠᠴᠠ ᠰᠦᠨᠢᠳ ᠤᠨ ᠲᠠᠯ᠎ᠠ ᠨᠤᠳᠤᠭ ᠨᠢ ᠡᠳᠡᠭᠡᠳ ᠭᠠᠵᠠᠷ ᠤᠨ ᠪᠠᠶᠢᠴᠠ᠂ ᠤᠷᠭᠤᠮᠠᠯ ᠤᠨ ᠬᠤᠴᠢᠯᠭ᠎ᠠ᠂ ᠠᠭᠤᠷ ᠠᠮᠢᠰᠬᠤᠯ ᠤᠨ ᠨᠦᠬᠦᠴᠡᠯ ᠠᠴᠠ ᠪᠤᠯᠵᠦ᠂ ᠮᠤᠷᠢᠨ ᠳᠤ ᠲᠦᠰᠢᠬᠦ᠂ ᠮᠤᠷᠢ ᠪᠠᠨ ᠬᠠᠶᠢᠷᠠᠯᠠᠬᠤ ᠵᠢᠴᠢ ᠮᠤᠷᠢ ᠠᠷᠠᠴᠢᠯᠠᠵᠤ ᠲᠡᠵᠢᠬᠡᠬᠦ᠂ ᠰᠤᠷᠭᠠᠵᠤ ᠰᠦᠢᠬᠤ᠂ ᠤᠨᠤᠬᠤ ᠵᠠᠷᠤᠬᠤ᠂ ᠡᠮᠡᠬᠡᠯ ᠬᠡᠷᠡᠭᠰᠡᠯ ᠦᠢᠯᠡᠳᠬᠦ ᠬᠡᠷᠡᠭᠯᠡᠬᠦ ᠶᠠᠪᠤᠴᠠ ᠲᠤᠮᠳᠠ ᠦᠪᠡᠷᠮᠢᠴᠡ ᠤᠨᠴᠠᠯᠢᠭ ᠲᠠᠢ ᠮᠤᠷᠢᠨ ᠰᠤᠶᠤᠯ ᠢ ᠪᠦᠷᠢᠯᠳᠦᠬᠦᠯᠦᠭᠰᠡᠨ ᠮᠦᠷᠳᠡᠬᠡᠨ ᠦᠶ᠎ᠠ ᠤᠯᠠᠮᠵᠢᠯᠠᠬᠰᠠᠭᠠᠷ ᠢᠷᠡᠵᠡᠢ᠃ ᠤᠳᠤ ᠪᠤᠯᠬᠤ ᠳᠤ ᠰᠦᠨᠢᠳ ᠪᠠᠷᠠᠭᠤᠨ ᠬᠤᠰᠢᠭᠤᠨ ᠳᠤ ᠦᠨᠳᠦᠰᠦᠳᠡᠨ ᠤ ᠮᠤᠷᠢᠨ ᠤᠷᠤᠯᠳᠤᠭᠠᠨ ᠮᠠᠰᠢ ᠬᠦᠭᠵᠢᠭᠰᠡᠨ ᠪᠠᠶᠢᠨ᠎ᠠ᠃ ᠪᠠᠶᠠᠷ ᠲᠤᠷᠠᠰᠬᠠᠯ ᠤᠨ ᠡᠳᠦᠷ ᠪᠤᠶᠤ ᠶᠠᠮᠠᠷ ᠨᠢᠬᠡᠨ ᠴᠢᠬᠤᠯᠠ ᠡᠳᠦᠷ ᠲᠤ᠂ ᠲᠤᠬᠠᠢ ᠤᠨ ᠭᠠᠵᠠᠷ ᠤᠨ ᠬᠦᠮᠦᠰ ᠪᠦᠷ ᠮᠤᠷᠢᠨ ᠤᠷᠤᠯᠳᠤᠭᠠᠨ ᠶᠠᠪᠤᠭᠤᠯᠳᠠᠭ᠃ ᠪᠦᠷᠢᠨ ᠪᠤᠰᠤ ᠪᠦᠷᠢᠳᠭᠡᠯ ᠢᠶᠠᠷ᠂ ᠰᠦᠨᠢᠳ ᠪᠠᠷᠠᠭᠤᠨ ᠬᠤᠰᠢᠭᠤᠨ ᠳᠤ 14000 ᠰᠢᠬᠠᠮ ᠮᠤᠷᠢ ᠲᠠᠢ᠂ ᠮᠡᠷᠭᠡᠵᠢᠯ ᠤᠨ ᠬᠡᠮᠵᠢᠶᠡᠨ ᠤ ᠮᠤᠷᠢ ᠰᠤᠷᠭᠠᠭᠴᠢ ᠭᠤᠴᠢᠭᠠᠳ ᠪᠠᠶᠢᠵᠤ᠂ ᠮᠡᠷᠭᠡᠵᠢᠯ ᠤᠨ ᠬᠡᠮᠵᠢᠶᠡᠨ ᠤ ᠮᠤᠷᠢ ᠤᠷᠤᠯᠳᠤᠭᠴᠢ ᠲᠠᠪᠢᠭᠠᠳ ᠪᠤᠢ᠃

西苏旗成功获得“中国草原快骥之乡”荣誉称号

近日,由中国马业协会主办,国马传媒、中国马会赛马委员会承办的“中国草原快骥之乡”专家评审会在北京大觉寺明慧茶院举行。

中国马业协会通过听取西苏旗申报组的发言及视频,详细了解了该旗的历史、文化及现状优势,未来发展思路,并主要从草原赛马历史传统、成绩、领导重视程度、牧民响应程度、该地区近五年草原赛马发展规划框架、评委感受印象等几个方面进行考核。通过考核西苏旗顺利获得了“中国草原快骥之乡”荣誉称号。

 
 
Posted in ᠴᠢᠯᠤᠭᠡᠲᠦ ᠴᠠᠭ |茶余饭后 and tagged .