ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠬ···我国居民医保财政补助再提高40元

 

ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠬ ᠤᠨ ᠨᠦᠬᠦᠪᠦᠷᠢ ᠵᠢ 40 ᠲᠦᠭᠦᠷᠢᠭ᠌ ᠨᠡᠮᠡᠭᠳᠡᠭᠦᠯᠪᠡ

ᠰᠢᠨᠬᠤᠸᠠ ᠬᠤᠷᠢᠶ᠎ᠠ ᠪᠡᠭᠡᠵᠢᠩ ᠤᠨ 5 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠰᠢᠦᠢ ᠪᠦᠧᠧ)ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 6 ᠤ ᠡᠳᠦᠷ ᠮᠡᠳᠡᠭᠡ ᠨᠡᠶᠢᠲᠠᠯᠡᠵᠦ᠂ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠬ ᠤᠨ ᠶᠠᠮᠤᠨ 2016 ᠤᠨ ᠳᠤ ᠡᠯ᠎ᠡ ᠳᠡᠰ ᠤᠨ ᠡᠳ᠋ ᠤᠨ ᠵᠠᠰᠠᠬ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠬ ᠤᠨ ᠨᠦᠬᠦᠪᠦᠷᠢ ᠶᠢᠨ ᠪᠠᠷᠢᠮᠵᠢᠶ᠎ᠠ ᠵᠢ 2015 ᠤᠨ ᠤ ᠬᠢ ᠳᠡᠭᠡᠷ᠎ᠡ 40 ᠲᠦᠭᠦᠷᠢᠭ᠌ ᠨᠡᠮᠡᠵᠤ᠂ ᠬᠦᠮᠦᠨ ᠪᠦᠬᠦᠨ ᠳᠤ ᠵᠢᠯ ᠪᠦᠷᠢ 240 ᠲᠦᠭᠦᠷᠢᠭ᠌ ᠤᠯᠭᠤᠨ᠎ᠠ ᠭᠡᠵᠦ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠭ᠎ᠠ ᠶᠢᠨ ᠶᠠᠮᠤᠨ 6 ᠤ ᠡᠳᠦᠷ ᠵᠠᠷᠯᠠᠵᠠᠢ᠃

ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠭ᠎ᠠ ᠶᠢᠨ ᠶᠠᠮᠤᠨ ᠪᠤᠯᠤᠨ ᠡᠳ᠋ ᠤᠨ ᠵᠠᠰᠠᠬ ᠤᠨ ᠶᠠᠮᠤᠨ ᠤ 2016 ᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠮᠡᠳᠡᠭᠳᠡᠯ ᠳᠤ᠂ ᠲᠦᠪ ᠤᠨ ᠡᠳ᠋ ᠤᠨ ᠵᠠᠰᠠᠬ 120 ᠲᠦᠭᠦᠷᠢᠭ᠌ ᠤᠨ ᠰᠠᠭᠤᠷᠢ ᠲᠤᠭᠠᠨ ᠤ ᠬᠡᠰᠡᠭ ᠢ ᠤᠤᠯ ᠤᠨ ᠬᠠᠷᠢᠴᠠᠯ ᠢᠶᠡᠷ ᠨᠦᠬᠦᠪᠦᠷᠢᠯᠡᠵᠦ᠂ ᠨᠡᠮᠡᠭᠳᠡᠭᠰᠡᠨ 300 ᠲᠦᠭᠦᠷᠢᠭ᠌ ᠢ ᠪᠠᠷᠠᠭᠤᠨ ᠤᠷᠤᠨ ᠳᠤ 80% ᠂ ᠳᠤᠮᠳᠠᠳᠤ ᠤᠷᠤᠨ ᠳᠤ 60% ᠶ᠋ᠢᠨ ᠬᠠᠷᠢᠴᠠᠯ ᠢᠶᠡᠷ ᠨᠦᠬᠦᠪᠦᠷᠢᠯᠡᠵᠦ᠂ ᠵᠡᠭᠦᠨ ᠬᠡᠰᠡᠭ ᠤᠨ ᠤᠷᠤᠨ ᠤ ᠡᠯ᠎ᠡ ᠮᠤᠵᠢ ᠳᠤ ᠲᠤᠰ ᠲᠤᠰ ᠲᠤᠬᠲᠠᠬᠰᠠᠨ ᠬᠠᠷᠢᠴᠠᠯ ᠢᠶᠡᠷ ᠨᠦᠬᠦᠪᠦᠷᠢᠯᠡᠨ᠎ᠡ᠃ ᠰᠠᠭᠤᠭᠠᠯᠢ ᠠᠷᠠᠳ ᠤᠨ ᠦᠪᠡᠷ ᠢᠶᠡᠨ ᠲᠤᠰᠢᠶᠠᠬᠤ ᠲᠦᠯᠦᠪᠤᠷᠢ 2015 ᠤᠨ ᠤ ᠬᠦᠮᠦᠨ ᠪᠦᠷᠢ ᠶᠢᠨ 120 ᠲᠦᠭᠦᠷᠢᠭ᠌ ᠡᠴᠡ ᠳᠡᠭᠡᠭ᠍ᠰᠢᠬᠢ ᠰᠠᠭᠤᠷᠢᠨ ᠳᠡᠭᠡᠷ᠎ᠡ 30 ᠲᠦᠭᠦᠷᠢᠭ᠌ ᠦᠰᠴᠦ᠂ ᠬᠦᠮᠦᠨ ᠪᠦᠷᠢ ᠶᠢᠨ ᠲᠤᠰᠢᠶᠠᠬᠤ ᠲᠦᠯᠦᠪᠦᠷᠢ 150 ᠲᠦᠭᠦᠷᠢᠭ᠌ ᠡᠴᠡ ᠳᠡᠭᠡᠭ᠍ᠰᠢ ᠪᠤᠯᠪᠠ ᠭᠡᠵᠡᠢ᠃

ᠢᠷᠡᠯᠳᠡ᠄ ᠰᠢᠨᠬᠤᠸᠠ ᠬᠤᠷᠢᠶ᠎ᠠ

我国居民医保财政补助再提高40元

新华社北京5月6日电(记者徐博)人力资源和社会保障部6日发布消息称,人社部、财政部近日下发通知称,2016年各级财政对居民医保的补助标准在2015年的基础上提高40元,达到每人每年420元。

人社部、财政部关于做好2016年城镇居民基本医疗保险工作的通知称,中央财政对120元基数部分按原有比例补助,对增加的300元按照西部地区80%、中部地区60%的比例补助,对东部地区各省份分别按一定比例补助。居民个人缴费在2015年人均不低于120元的基础上提高30元,达到人均不低于150元。

 
 
Posted in ᠠᠮᠢᠳᠤᠷᠠᠯ ᠤᠨ ᠬᠠᠨᠢ|生活之友 and tagged .