ᠠᠷᠪᠠ ᠭᠠᠷᠤᠢ ᠮᠤᠵᠢ ᠴᠠᠯᠢᠩ ᠲᠠᠢ ᠠᠮᠠᠷᠠᠯᠲᠠ ᠠᠪᠬᠤ ᠲᠦᠷᠢᠮ ᠢ ᠨᠠᠢᠳᠠᠪᠤᠷᠢᠵᠢᠭᠤᠯᠬᠤ ···十余省发文落实带薪休假 多地要求纳入议事日程

 
 

ᠠᠷᠪᠠ ᠭᠠᠷᠤᠢ ᠮᠤᠵᠢ ᠴᠠᠯᠢᠩ ᠲᠠᠢ ᠠᠮᠠᠷᠠᠯᠲᠠ ᠠᠪᠬᠤ ᠲᠦᠷᠢᠮ ᠢ ᠨᠠᠢᠳᠠᠪᠤᠷᠢᠵᠢᠭᠤᠯᠬᠤ ᠲᠤᠬᠠᠢ ᠪᠢᠴᠢᠭ᠌ ᠮᠠᠲ᠋ᠧᠷᠢᠶᠠᠯ ᠪᠠᠭᠤᠯᠭᠠᠭᠰᠠᠨ ᠪᠦᠭᠡᠳ ᠤᠯᠠᠨ ᠭᠠᠵᠠᠷ ᠤᠨ ᠬᠢᠨ ᠵᠦᠪᠯᠡᠬᠦ ᠵᠦᠢᠯ ᠳ᠋ᠡᠭᠡᠨ ᠤᠷᠤᠭᠤᠯᠬᠤ ᠪᠠᠷ ᠱᠠᠭᠠᠷᠳᠠᠵᠠᠢ

ᠲᠤᠮᠳᠠᠳᠤ ᠤᠯᠤᠰ ᠤᠨ ᠰᠤᠨᠢᠨ ᠮᠡᠳᠡᠭᠡᠨ ᠦ ᠰᠦᠯᠵᠢᠶ᠎ᠡ ᠵᠢᠨ ᠪᠡᠭᠡᠵᠢᠩ ᠦᠨ 6 ᠰᠠᠷ᠎ᠠ ᠵᠢᠨ 22 ᠤᠨ ᠡᠳᠤᠷ ᠤᠨ ᠮᠡᠳᠡᠭᠡ (ᠰᠤᠷᠪᠤᠯᠵᠢᠯᠠᠭᠴᠢ ᠯᠢ ᠵᠢᠨ ᠯᠧᠢ ) ᠤᠢᠷ᠎ᠠ ᠵᠢᠨ ᠡᠳᠤᠷ ᠠᠯᠪᠠᠨ  ᠡᠴᠡ ᠨᠡᠢᠲᠡᠯᠡᠭᠰᠡᠨ ᠨᠢᠭᠡᠨ ᠮᠡᠳᠡᠬᠦᠯᠦᠯᠲᠡ ᠳ᠋ᠤ ᠵᠢᠭᠠᠵᠤ ᠭᠠᠷᠭᠠᠭᠰᠠᠨ ᠵᠢᠡᠷ ᠂ 2015 ᠤᠨ ᠳ᠋ᠤ 50% ᠢᠯᠡᠬᠦᠦ ᠵᠢᠨ ᠠᠵᠢᠯᠲᠠᠨ ᠠᠵᠢᠯᠴᠢᠨ ᠲᠤᠬᠠᠢ ᠵᠢᠨ ᠵᠢᠯ ᠳ᠋ᠡᠭᠡᠨ ᠴᠠᠯᠢᠩ ᠲᠠᠢ ᠠᠮᠠᠷᠠᠯᠲᠠ ᠠᠪᠤᠭᠰᠠᠨ ᠪᠠᠢᠨ᠎ᠠ ᠃

ᠲᠤᠮᠳᠠᠳᠤ ᠤᠯᠤᠰ ᠤᠨ ᠰᠤᠨᠢᠨ ᠮᠡᠳᠡᠭᠡᠨ ᠦ ᠰᠦᠯᠵᠢᠶ᠎ᠡ ᠵᠢᠨ ᠰᠤᠷᠪᠤᠯᠵᠢᠯᠠᠭᠴᠢ ᠵᠢᠨ ᠤᠢᠯᠠᠭᠠᠭᠰᠠᠨ ᠵᠢᠡᠷ ᠂ ᠤᠳᠤᠬᠠᠨ ᠳ᠋ᠤ ᠠᠷᠪᠠ ᠭᠠᠷᠤᠢ ᠮᠤᠵᠢ ᠤᠷᠤᠨ ᠨᠢᠭᠡᠨᠲᠡ ᠰᠠᠨᠠᠯ ᠨᠡᠢᠲᠡᠯᠡᠵᠤ ᠴᠠᠯᠢᠩ ᠲᠠᠢ ᠠᠮᠠᠷᠠᠯᠲᠠ ᠠᠪᠬᠤ ᠲᠦᠷᠢᠮ ᠢ ᠨᠠᠢᠳᠠᠪᠤᠷᠢᠵᠢᠭᠤᠯᠬᠤ ᠬᠡᠷᠡᠭᠲᠠᠢ ᠭᠡᠵᠤ ᠱᠠᠭᠠᠷᠳᠠᠭᠰᠠᠨ ᠪᠠᠢᠨ᠎ᠠ ᠃

ᠤᠯᠠᠨ ᠭᠠᠵᠠᠷ ᠤᠨ ᠬᠢᠨ ᠠᠵᠢᠯᠲᠠᠨ ᠠᠵᠢᠯᠴᠢᠨ ᠤ ᠴᠠᠯᠢᠩ ᠲᠠᠢ ᠠᠮᠠᠷᠠᠯᠲᠠ ᠠᠪᠬᠤ ᠲᠦᠷᠢᠮ ᠦᠨ ᠨᠠᠢᠳᠠᠪᠤᠷᠢᠵᠢᠭᠤᠯᠤᠯᠲᠠ ᠵᠢ ᠵᠦᠪᠯᠡᠬᠦ ᠵᠦᠢᠯ ᠳ᠋ᠡᠭᠡᠨ ᠤᠷᠤᠭᠤᠯᠵᠤ ᠂ ᠴᠠᠯᠢᠩ ᠲᠠᠢ ᠠᠮᠠᠷᠠᠯᠲᠠ ᠠᠪᠬᠤ ᠲᠦᠷᠢᠮ ᠦᠨ ᠬᠡᠷᠡᠭᠵᠢᠬᠦᠯᠬᠦ ᠨᠠᠷᠢᠨ ᠲᠦᠷᠢᠮ ᠢ ᠲᠤᠭᠲᠠᠭᠠᠬᠤ ᠪᠠᠷ ᠲᠤᠷᠠᠳᠤᠭᠰᠠᠨ ᠪᠦᠭᠡᠳ ᠵᠠᠷᠢᠮ ᠭᠠᠵᠠᠷ ᠤᠷᠤᠨ ᠤ ᠬᠢᠨ ᠪᠠᠰᠠ ᠠᠵᠤ ᠠᠬᠤᠢᠯᠠᠯ ᠤᠨ ᠵᠢᠭᠤᠯᠴᠢᠯᠠᠯ ᠤᠨ ᠬᠡᠷᠡᠭᠯᠡᠭᠡᠨ ᠦ ᠲᠡᠮᠳᠡᠭᠳᠤ ᠪᠤᠶᠤ ᠵᠢᠭᠤᠯᠴᠢᠯᠠᠯ ᠰᠡᠯᠡᠬᠦᠴᠡᠯ ᠦᠨ ᠨᠦᠬᠦᠪᠤᠷᠢ ᠦᠭᠬᠦ ᠵᠢ ᠵᠤᠷᠢᠭᠵᠢᠭᠤᠯᠤᠨ᠎ᠠ ᠭᠡᠵᠤ ᠲᠤᠷᠠᠳᠤᠨ ᠭᠠᠷᠭᠠᠵᠠᠢ ᠃

《ᠠᠵᠢᠯᠲᠠᠨ ᠠᠵᠢᠯᠴᠢᠨ ᠤ ᠴᠠᠯᠢᠩ ᠲᠠᠢ ᠵᠢᠯ ᠤᠨ ᠠᠮᠠᠷᠠᠯᠲᠠ ᠠᠪᠬᠤ ᠲᠦᠷᠢᠮ 》 ᠢ ᠦᠨᠳᠦᠰᠦᠯᠡᠪᠡᠯ ᠂ ᠠᠵᠢᠯᠲᠠᠨ ᠠᠵᠢᠯᠴᠢᠨ ᠤ ᠠᠵᠢᠯᠯᠠᠭᠰᠠᠨ ᠬᠤᠭᠤᠴᠠᠭ᠎ᠠ ᠨᠢ ᠨᠢᠭᠡ ᠵᠢᠯ ᠡᠴᠡ ᠲᠡᠭᠡᠭᠰᠢ ᠪᠦᠬᠦᠯᠢ 10 ᠵᠢᠯ ᠪᠤᠯᠤᠭᠠᠳᠤᠢ ᠪᠠᠢᠪᠠᠯ ᠂ ᠵᠢᠯ ᠤᠨ ᠠᠮᠠᠷᠠᠯᠲᠠ ᠠᠪᠬᠤ ᠬᠤᠭᠤᠴᠠᠭ᠎ᠠ ᠨᠢ 5 ᠡᠳᠤᠷ ︔ 10 ᠵᠢᠯ ᠡᠴᠡ ᠲᠡᠭᠡᠭᠰᠢ ᠪᠦᠬᠦᠯᠢ ᠬᠤᠷᠢᠨ ᠵᠢᠯ ᠪᠤᠯᠤᠭᠠᠳᠤᠢ ᠪᠠᠢᠪᠠᠯ ᠂ ᠵᠢᠯ ᠤᠨ ᠠᠮᠠᠷᠠᠯᠲᠠ ᠠᠪᠬᠤ ᠬᠤᠭᠤᠴᠠᠭ᠎ᠠ ᠨᠢ 10 ᠡᠳᠤᠷ ︔ ᠪᠦᠬᠦᠯᠢ 20 ᠵᠢᠯ ᠪᠤᠯᠤᠭᠰᠠᠨ ᠪᠠᠢᠪᠠᠯ ᠂ ᠵᠢᠯ ᠤᠨ ᠠᠮᠠᠷᠠᠯᠲᠠ ᠠᠪᠬᠤ ᠬᠤᠭᠤᠴᠠᠭ᠎ᠠ ᠨᠢ 15 ᠡᠳᠤᠷ ᠪᠤᠯᠤᠨ᠎ᠠ ᠠᠵᠢᠯᠲᠠᠨ ᠠᠵᠢᠯᠴᠢᠨ ᠠᠪᠬᠤ ᠶᠤᠰᠤᠲᠠᠢ ᠵᠢᠯ ᠤᠨ ᠠᠮᠠᠷᠠᠯᠲᠠ  ᠪᠡᠨ ᠠᠪᠤᠭᠰᠠᠨ ᠦᠭᠡᠢ ᠪᠠᠢᠪᠠᠯ ᠂ ᠨᠢᠭᠡᠴᠡ ᠡᠴᠡ ᠨᠢ ᠲᠤᠰ ᠠᠵᠢᠯᠲᠠᠨ ᠠᠵᠢᠯᠴᠢᠨ ᠤ ᠴᠠᠯᠢᠩ ᠤᠨ ᠤᠷᠤᠯᠭ᠎ᠠ ᠵᠢᠨ ᠬᠢᠨᠢ 300%ᠪᠡᠷ ᠵᠢᠯ ᠤᠨ ᠠᠮᠠᠷᠠᠯᠲᠠ ᠵᠢᠨ ᠴᠠᠯᠢᠩ ᠬᠦᠯᠦᠰᠦ ᠤᠯᠭᠤᠬᠤ ᠬᠡᠷᠡᠭᠲᠠᠢ ᠃

ᠤᠷᠤᠨ ᠨᠤᠳᠤᠭ ᠤᠨ ᠱᠠᠳᠤᠨ ᠳ᠋ᠤ ᠂ ᠤᠳᠤᠬᠠᠨ ᠳ᠋ᠤ ᠪᠠᠭ᠎ᠠ ᠳ᠋ᠠᠭᠠᠨ ᠾᠧᠪᠧᠢ ᠂ ᠵᠢᠶᠠᠩᠰᠢ ᠂ ᠴᠦᠩᠴᠢᠩ ᠂ ᠭᠠᠨᠰᠦ ᠂ ᠬᠦᠭᠡᠨᠠᠭᠤᠷ ᠂ ᠯᠢᠶᠤᠤᠨᠢᠩ ᠂ ᠠᠨᠾᠦᠢ ᠂ ᠱᠠᠨᠰᠢ ᠂ ᠹᠦᠵᠢᠶᠠᠨ ᠂ ᠭᠤᠧᠠᠩᠳᠦᠩ ᠂ ᠵᠧᠵᠢᠶᠠᠩ ᠂ ᠦᠪᠤᠷ ᠮᠤᠩᠭᠤᠯ ᠂ ᠬᠤᠪᠧᠢ ᠵᠡᠷᠭᠡ ᠠᠷᠪᠠ ᠭᠠᠷᠤᠢ ᠮᠤᠵᠢ ᠤᠷᠤᠨ ᠨᠢᠭᠡᠨᠲᠡ ᠵᠢᠭᠤᠯᠴᠢᠯᠠᠯ ᠤᠨ ᠪᠡᠯᠡ ᠤᠷᠤᠭᠤᠯᠤᠯᠲᠠ ᠪᠠ ᠬᠡᠷᠡᠭᠯᠡᠭᠡ ᠵᠢ ᠠᠬᠢᠭᠤᠯᠬᠤ ᠬᠡᠷᠡᠭᠵᠢᠬᠦᠯᠬᠦ ᠰᠠᠨᠠᠯ ᠨᠡᠢᠲᠡᠯᠡᠭᠰᠡᠨ ᠪᠦᠭᠡᠳ ᠴᠦᠮ ᠴᠠᠯᠢᠩ ᠲᠠᠢ ᠠᠮᠠᠷᠠᠯᠲᠠ ᠠᠪᠬᠤ ᠲᠦᠷᠢᠮ ᠢ ᠨᠠᠢᠳᠠᠪᠤᠷᠢᠵᠢᠭᠤᠯᠬᠤ ᠲᠤᠬᠠᠢ ᠲᠤᠷᠠᠳᠤᠭᠰᠠᠨ ᠪᠠᠢᠨ᠎ᠠ ᠃

ᠲᠤᠮᠳᠠᠳᠤ ᠤᠯᠤᠰ ᠤᠨ ᠰᠤᠨᠢᠨ ᠮᠡᠳᠡᠭᠡᠨ ᠦ ᠰᠦᠯᠵᠢᠶ᠎ᠡ ᠵᠢᠨ ᠰᠤᠷᠪᠤᠯᠵᠢᠯᠠᠭᠴᠢ ᠵᠢᠨ ᠤᠢᠯᠠᠭᠠᠭᠰᠠᠨ ᠵᠢᠡᠷ ᠂ ᠰᠠᠨᠠᠯ ᠨᠡᠢᠲᠡᠯᠡᠭᠰᠡᠨ ᠡᠳᠡᠭᠡᠷ ᠭᠠᠵᠠᠷ ᠤᠷᠤᠨ ᠲᠤᠳᠤᠷ᠎ᠠ ᠂ ᠭᠤᠧᠠᠩᠳᠦᠩ ᠂ ᠾᠧᠪᠧᠢ ᠂ ᠠᠨᠾᠦᠢ ᠂ ᠵᠢᠶᠠᠩᠰᠢ ᠂ ᠬᠦᠭᠡᠨᠠᠭᠤᠷ ᠂ ᠴᠦᠩᠴᠢᠩ ᠂ ᠦᠪᠤᠷ ᠮᠤᠩᠭᠤᠯ ᠵᠡᠷᠭᠡ ᠤᠯᠠᠨ ᠭᠠᠵᠠᠷ ᠤᠨ ᠬᠢᠨ ᠠᠵᠢᠯᠲᠡᠨ ᠠᠵᠢᠯᠴᠢᠨ ᠤ ᠴᠠᠯᠢᠩ  ᠲᠠᠢ ᠠᠮᠠᠷᠠᠯᠲᠠ ᠠᠪᠬᠤ ᠲᠦᠷᠢᠮ ᠦᠨ ᠨᠠᠢᠳᠠᠪᠤᠷᠢᠵᠢᠭᠤᠯᠤᠯᠲᠠ ᠵᠢ ᠵᠦᠪᠯᠡᠬᠦ ᠵᠦᠢᠯ ᠳ᠋ᠡᠭᠡᠨ ᠤᠷᠤᠭᠤᠯᠬᠤ ᠲᠤᠬᠠᠢ ᠲᠤᠷᠠᠳᠤᠭᠰᠠᠨ ᠪᠠᠢᠨ᠎ᠠ ᠃

ᠵᠠᠷᠢᠮ ᠭᠠᠵᠠᠷ ᠤᠷᠤᠨ ᠤ ᠬᠢᠨ ᠪᠠᠰᠠ ᠵᠢᠭᠤᠯᠴᠢᠯᠠᠯ ᠤᠨ ᠬᠡᠷᠡᠭᠯᠡᠭᠡᠨ ᠦ ᠲᠡᠮᠳᠡᠭᠳᠤ ᠪᠤᠶᠤ ᠵᠢᠭᠤᠯᠴᠢᠯᠠᠯ ᠰᠡᠯᠡᠬᠦᠴᠡᠯ ᠦᠨ ᠨᠦᠬᠦᠪᠤᠷᠢ ᠤᠯᠭᠤᠬᠤ ᠵᠤᠷᠢᠭᠵᠢᠭᠤᠯᠤᠯ ᠤᠨ ᠴᠢᠨᠠᠷᠲᠠᠢ ᠠᠷᠭ᠎ᠠ ᠬᠡᠮᠵᠢᠶ᠎ᠡ ᠵᠢ ᠲᠤᠷᠠᠳᠤᠨ ᠭᠠᠷᠭᠠᠵᠠᠢ ᠃

ᠢᠷᠡᠯᠳᠡ᠄ ᠠᠷᠠᠳ ᠤᠨ ᠰᠦᠯᠵᠢᠶ᠎ᠡ

十余省发文落实带薪休假 多地要求纳入议事日程

官方最近发布的一份报告指出,2015年有超过50%的职工当年享受了带薪年休假。中新网记者梳理发现,目前已有十余省份出台意见要求落实带薪休假制度。多地提出把落实职工带薪休假制度纳入议事日程,制定带薪休假实施细则,一些地区还提出鼓励企业发放旅游消费券或旅游休闲补贴。

根据《职工带薪年休假条例》,职工累计工作已满1年不满10年的,年休假5天;已满10年不满20年的,年休假10天;已满20年的,年休假15天。对职工应休未休的年休假天数,单位应当按照该职工日工资收入的300%支付年休假工资报酬。

在地方层面,目前至少已有河北、江西、重庆、甘肃、青海、辽宁、安徽、陕西、福建、广东、浙江、内蒙古、湖北等十余省份出台促进旅游投资和消费的实施意见,其中均提到要落实带薪休假制度。

中新网记者注意到,在出台意见的上述地区中,广东、河北、安徽、江西、青海、重庆、内蒙古等多地均提到,要把落实职工带薪休假制度纳入议事日程。
一些地区还提出了发放旅游消费券或旅游休闲补贴的鼓励性措施。
  

 
 
Posted in ᠲᠠᠨ ᠤ ᠠᠩᠬᠠᠷᠤᠯ ᠳ᠋ᠤ|热点信息 and tagged .