ᠤᠯᠤᠰ ᠤᠨ ᠰᠦᠯᠵᠢᠶᠡᠨ ᠦ ᠴᠢᠮᠡᠭᠡ ᠵᠠᠩᠭᠢ ᠵᠢᠨ ᠠᠯᠪᠠᠨ ᠭᠡᠷ ··国家网信办发布APP新规 注册用户须实名认证

 
 

ᠤᠯᠤᠰ ᠤᠨ ᠰᠦᠯᠵᠢᠶᠡᠨ ᠦ ᠴᠢᠮᠡᠭᠡ ᠵᠠᠩᠭᠢ ᠵᠢᠨ ᠠᠯᠪᠠᠨ ᠭᠡᠷ 《ᠨᠡᠭᠦᠳᠡᠯ ᠢᠨᠲ᠋ᠸᠷ ᠰᠦᠯᠵᠢᠶᠡᠨ ᠦ ᠰᠣᠹᠲ ᠤᠨ ᠴᠢᠮᠡᠭᠡ ᠵᠠᠩᠭᠢ ᠵᠢᠨ ᠦᠢᠯᠡᠴᠢᠯᠡᠭᠡᠨ ᠦ ᠬᠠᠮᠢᠶᠠᠷᠤᠯᠲᠠ ᠵᠢᠨ ᠲᠣᠭᠲᠠᠭᠠᠯ 》 ᠢ ᠨᠡᠢᠲᠡᠯᠡᠯ᠎ᠡ

ᠤᠯᠤᠰ ᠤᠨ ᠢᠨᠲ᠋ᠸᠷ ᠰᠦᠯᠵᠢᠶᠡᠨ ᠦ ᠴᠢᠮᠡᠭᠡ ᠵᠠᠩᠭᠢ ᠵᠢᠨ ᠠᠯᠪᠠᠨ ᠭᠡᠷ 28 ᠦ ᠡᠳᠦᠷ 《ᠨᠡᠭᠦᠳᠡᠯ ᠢᠨᠲ᠋ᠸᠷ ᠰᠦᠯᠵᠢᠶᠡᠨ ᠦ ᠰᠤᠹᠲ ᠤᠨ ᠴᠢᠮᠡᠭᠡ ᠵᠠᠩᠭᠢ ᠵᠢᠨ ᠦᠢᠯᠡᠴᠢᠯᠡᠭᠡᠨ ᠦ ᠬᠠᠮᠢᠶᠠᠷᠤᠯᠲᠠ ᠵᠢᠨ ᠲᠣᠭᠲᠠᠭᠠᠯ》 ᠢ ᠨᠡᠢᠲᠡᠯᠡᠯ᠎ᠡ᠃ ᠲᠤᠰ ᠠᠯᠪᠠᠨ ᠭᠡᠷ  ᠤᠨ ᠬᠠᠮᠢᠶ᠎ᠠ ᠲᠠᠢ ᠬᠠᠷᠢᠭᠤᠴᠠᠯᠭᠠᠲᠠᠨ ᠢᠯᠡᠷᠬᠡᠢᠯᠡᠬᠦ ᠳᠡᠭᠡᠨ᠂ ᠡᠨᠡ ᠲᠣᠭᠲᠠᠭᠠᠯ ᠢ ᠭᠠᠷᠭᠠᠭᠰᠠᠨ ᠤ ᠵᠣᠷᠢᠯᠭ᠎ᠠ  ᠨᠢ ᠨᠡᠭᠦᠳᠡᠯ ᠰᠦᠯᠵᠢᠶᠡᠨ ᠦ ᠰᠤᠹᠲ ᠪᠣᠯᠬᠤ APP ᠵᠢᠨ ᠴᠢᠮᠡᠭᠡ ᠵᠠᠩᠭᠢ ᠵᠢᠨ ᠦᠢᠯᠡᠴᠢᠯᠡᠭᠡ᠂ ᠳᠦᠷᠢᠮᠵᠢᠯ ᠤᠨ ᠬᠠᠮᠢᠶᠠᠷᠤᠯᠲᠠ ᠵᠢ ᠴᠢᠩᠭᠠᠳᠭᠠᠬᠤ ᠵᠢᠨ ᠲᠦᠯᠦᠭᠡ ᠶᠤᠮ ᠭᠡᠵᠡᠢ᠃

ᠲᠤᠰ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠴᠥᠭᠡᠨ ᠲᠣᠭᠠᠨ ᠤ ᠰᠣᠹᠲ  ᠨᠢ ᠬᠠᠤᠯᠢ ᠪᠤᠰᠤ ᠡᠲᠡᠭᠡᠳ ᠲᠦ ᠠᠰᠢᠭᠯᠠᠭᠳᠠᠵᠤ᠂ ᠬᠦᠴᠦᠷᠬᠡᠭᠯᠡᠯ ᠰᠦᠷᠳᠡᠭᠦᠯᠦᠯ᠂ ᠱᠠᠯᠢᠭ ᠵᠠᠪᠬᠠᠢ᠂ ᠴᠤᠤ ᠴᠤᠤᠷᠬᠠᠯ ᠵᠡᠷᠭᠡ ᠬᠠᠤᠯᠢ ᠳᠦᠷᠢᠮ ᠡᠴᠡ ᠵᠥᠷᠢᠴᠡᠭᠰᠡᠨ ᠴᠢᠮᠡᠭᠡ ᠵᠠᠩᠭᠢ ᠵᠢ ᠨᠡᠢᠲᠡᠯᠡᠵᠦ᠂ ᠪᠠᠰᠠ ᠵᠠᠷᠢᠮ ᠨᠢ ᠪᠤᠰᠤᠳ ᠬᠥᠮᠦᠨ ᠦ ᠬᠤᠪᠢ ᠵᠢᠨ ᠨᠢᠭᠤᠴᠠ ᠵᠢ ᠬᠤᠯᠠᠭᠠᠢᠯᠠᠬᠤ᠂ ᠠᠯᠪᠠ ᠪᠠᠷ ᠰᠦᠢᠳᠬᠡᠯ ᠬᠤᠷᠢᠶᠠᠬᠤ᠂ ᠮᠡᠬᠡᠯᠡᠬᠦ ᠵᠡᠷᠭᠡ ᠬᠡᠷᠡᠭᠯᠡᠭᠴᠢᠳ ᠦᠨ ᠬᠠᠤᠯᠢ ᠶᠣᠰᠤᠨ ᠤ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠦᠢᠯᠡᠳᠴᠦ ᠪᠠᠢᠭ᠎ᠠ ᠪᠤᠯᠬᠤᠷ᠂ ᠨᠡᠢᠭᠡᠮ ᠨᠡᠢᠲᠡ ᠵᠢᠨ ᠬᠢᠨ ᠲᠤᠰᠭᠠᠯ ᠶᠡᠬᠡᠲᠡᠢ ᠪᠠᠢᠨ᠎ᠠ ᠭᠡᠯ᠎ᠡ᠃

ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ

国家网信办发布APP新规 注册用户须实名认证

国家网信办昨日发布《移动互联网应用程序信息服务管理规定》,明确要求移动互联网应用程序(APP)按照“后台实名、前台自愿”的原则,对注册用户进行基于移动电话号码等真实身份信息认证。APP未向用户明示并经用户同意,不得开启收集地理位置、读取通讯录、使用摄像头、启用录音等功能。该规定自2016年8月1日起施行。

Posted in ᠲᠠᠨ ᠤ ᠠᠩᠬᠠᠷᠤᠯ ᠳ᠋ᠤ|热点信息 and tagged .