ᠪᠤᠭᠤᠲᠤ ᠬᠤᠳᠠ ᠶᠢᠨ ᠮᠠᠯᠴᠢᠨ ᠲᠠᠷᠢᠶᠠᠴᠢᠨ ᠬᠤᠳᠠ ᠶᠢᠨ ᠠᠷᠠᠳ ᠲᠠᠢ ··包头市实行农牧民与城镇居民一样的医疗保险政策

 
 

ᠪᠤᠭᠤᠲᠤ ᠬᠤᠳᠠ ᠶᠢᠨ ᠮᠠᠯᠴᠢᠨ ᠲᠠᠷᠢᠶᠠᠴᠢᠨ ᠬᠤᠳᠠ ᠶᠢᠨ ᠠᠷᠠᠳ ᠲᠠᠢ ᠠᠳᠠᠯᠢᠬᠠᠨ ᠡᠮ ᠡᠮᠨᠡᠯᠭᠡ ᠶᠢᠨ ᠲᠠᠭᠠᠳᠬᠠᠯ ᠡᠳ᠋ᠯᠡᠬᠦ ᠪᠤᠯᠤᠯ᠎ᠠ

7 ᠰᠠᠷ᠎ᠠ ᠶᠢᠨ 1 ᠤ ᠡᠳᠦᠷ ᠠᠴᠠ ᠡᠬᠢᠯᠡᠨ ᠪᠤᠭᠤᠲᠤ ᠬᠤᠳᠠ ᠶᠢᠨ ᠠᠷᠠᠳ ᠢᠷᠭᠡᠳ ᠨᠢᠭᠡᠪᠦᠷᠢ ᠡᠮ ᠡᠮᠨᠡᠯᠭᠡ ᠶᠢᠨ ᠲᠠᠭᠠᠳᠬᠠᠯ ᠲᠡᠭᠡᠷ᠎ᠠ ᠠᠳᠠᠯᠢ ᠲᠡᠭᠰᠢ ᠪᠤᠯᠵᠦ᠂ ᠬᠤᠳᠠ ᠬᠦᠳᠡᠭᠡ ᠬᠡᠮᠡᠨ ᠢᠯᠭᠠᠬᠤ ᠦᠭᠡᠢ ᠠᠳᠠᠯᠢᠬᠠᠨ ᠡᠪᠡᠳᠴᠢᠨ ᠦᠵᠡᠬᠦᠯᠵᠦ ᠲᠠᠩᠰᠠᠨ ᠠᠴᠠ ᠴᠠᠶᠢᠷᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠦᠨᠳᠦᠰᠦᠨ ᠡᠮ ᠡᠮᠨᠡᠯᠭᠡ ᠶᠢᠨ ᠪᠠᠳᠤᠯᠠᠭ᠎ᠠ ᠶᠢᠨ ᠡᠷᠭᠡ ᠶᠢ ᠬᠤᠳᠠ ᠬᠦᠳᠡᠭᠡ ᠶᠢᠨ ᠠᠷᠠᠳ ᠡᠷᠭᠡ ᠲᠡᠭᠰᠢ ᠪᠠᠷ ᠡᠳ᠋ᠯᠡᠬᠦ ᠪᠤᠯᠤᠬᠰᠠᠨ ᠪᠠᠶᠢᠨ᠎ᠠ᠃

 ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠡᠮᠨᠡᠯᠭᠡ ᠶᠢᠨ ᠲᠠᠭᠠᠳᠬᠠᠯ ᠤᠨ ᠲᠦᠷᠢᠮ ᠢ ᠨᠢᠭᠡᠳᠬᠡᠬᠦ ᠶᠠᠪᠤᠴᠠ ᠲᠤᠮᠳᠠ᠂ ᠪᠤᠭᠤᠲᠤ ᠬᠤᠳᠠ ᠶᠢᠨ ᠬᠢᠨ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠨᠢᠭᠡᠳᠦᠯᠳᠠᠢ ᠱᠠᠭᠠᠷᠳᠠᠯᠭ᠎ᠠ ᠶᠤᠰᠤᠭᠠᠷ ᠬᠤᠳᠠ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠤᠨ ᠲᠦᠷᠢᠮ ᠢ ᠰᠢᠨ᠎ᠠ ᠪᠠᠷ ᠲᠦᠯᠦᠪᠯᠡᠨ ᠵᠤᠬᠢᠶᠠᠵᠠᠢ᠃ ᠡᠨᠡᠬᠦ ᠰᠢᠨ᠎ᠠ ᠡᠮᠨᠡᠯᠭᠡ ᠶᠢᠨ ᠪᠠᠳᠤᠯᠠᠭ᠎ᠠ ᠶᠢᠨ ᠲᠦᠷᠢᠮ‌ᠨᠢ ᠤᠤᠯ ᠤᠨ ᠠᠵᠢᠯᠳᠠᠨ ᠤ ᠡᠮᠨᠡᠯᠭᠡ ᠶᠢᠨ ᠲᠠᠭᠠᠳᠬᠠᠯ ᠳᠤ ᠬᠠᠷᠢᠶᠠᠯᠠᠬᠳᠠᠬᠤ ᠦᠭᠡᠢ ᠬᠦᠮᠦᠰ ᠢ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠳᠤ ᠤᠷᠤᠭᠤᠯᠤᠭᠰᠠᠨ ᠪᠠᠶᠢᠨ᠎ᠠ᠃

 ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠦᠷᠢᠮ ᠢ ᠨᠢᠭᠡᠳᠭᠡᠭᠰᠡᠨ ᠤ ᠲᠠᠷᠠᠭ᠎ᠠ᠂ ᠪᠤᠭᠤᠲᠤ ᠬᠤᠳᠠ ᠨᠢᠭᠡᠳᠦᠯᠳᠠᠢ ᠪᠠᠯᠡ ᠬᠤᠷᠠᠮᠳᠤᠭᠤᠯᠬᠤ ᠪᠠᠷᠢᠮᠵᠢᠶ᠎ᠠ ᠶᠢ ᠬᠡᠷᠡᠭᠵᠢᠬᠦᠯᠵᠦ᠂ ᠬᠦᠮᠤᠨ ᠲᠤᠮᠳᠠᠴᠢ ᠳᠤ ᠨᠤᠭᠳᠠᠭᠰᠠᠨ ᠬᠤᠷᠠᠮᠳᠤᠭᠤᠯᠬᠤ ᠪᠡᠯᠡ ᠶᠢᠨ ᠶᠡᠷᠦᠩᠬᠡᠢ ᠬᠡᠮᠵᠢᠶ᠎ᠠ ᠶᠢ 600 ᠲᠦᠭᠦᠷᠢᠭ ᠪᠤᠯᠭᠠᠵᠠᠢ᠃

 ᠡᠬᠦᠨ ᠳᠤ ᠬᠤᠳᠠ ᠶᠢᠨ ᠰᠠᠭᠤᠭᠠᠯᠢ ᠠᠷᠠᠳ ᠤᠨ ᠬᠤᠪᠢ ᠬᠦᠮᠦᠨ ᠤ ᠲᠤᠰᠢᠶᠠᠬᠤ ᠵᠤᠭᠤᠰ 220 ᠲᠦᠭᠦᠷᠢᠭ᠂ ᠡᠳ᠋ ᠤᠨ ᠵᠠᠰᠠᠭ ᠠᠴᠠ ᠨᠦᠬᠦᠪᠦᠷᠢᠯᠡᠬᠦ ᠵᠤᠭᠤᠰ 380 ᠲᠦᠭᠦᠷᠢᠭ ᠪᠠᠶᠢᠵᠤ᠂ ᠮᠠᠯᠴᠢᠨ ᠲᠠᠷᠢᠶᠠᠴᠢᠨ ᠤ ᠬᠤᠪᠢ ᠬᠦᠮᠦᠨ ᠤ ᠲᠤᠰᠢᠶᠠᠬᠤ ᠵᠤᠭᠤᠰ 130 ᠲᠦᠭᠦᠷᠢᠭ᠂ ᠡᠳ᠋ ᠤᠨ ᠵᠠᠰᠠᠭ ᠠᠴᠠ ᠨᠦᠬᠦᠪᠦᠷᠢᠯᠡᠬᠦ ᠵᠤᠭᠤᠰ 470 ᠲᠦᠭᠦᠷᠢᠭ ᠪᠤᠯᠤᠨ᠎ᠠ᠂ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠬᠴᠢ ᠪᠤᠯᠤᠨ ᠨᠢᠯᠬ᠎ᠠ ᠬᠡᠤᠬᠡᠳ ᠤᠨ ᠬᠦᠮᠦᠨ ᠲᠤᠮᠳᠠᠴᠢ ᠳᠤ ᠨᠤᠭᠳᠠᠭᠰᠠᠨ ᠬᠤᠷᠠᠮᠳᠤᠭᠤᠯᠬᠤ ᠪᠡᠯᠡ ᠶᠢᠨ ᠶᠡᠷᠦᠩᠬᠡᠢ ᠬᠡᠮᠵᠢᠶ᠎ᠠ ᠶᠢ 430 ᠲᠦᠭᠦᠷᠢᠭ ᠪᠤᠯᠭᠠᠪᠠ᠃

 ᠡᠭᠦᠨ ᠳᠤ ᠬᠤᠪᠢ ᠬᠦᠮᠦᠨ ᠤ ᠲᠤᠰᠢᠶᠠᠬᠤ ᠵᠤᠭᠤᠰ 50 ᠲᠦᠭᠦᠷᠢᠭ᠂ ᠡᠳ᠋ ᠤᠨ ᠵᠠᠰᠠᠭ ᠠᠴᠠ ᠨᠦᠬᠦᠪᠦᠷᠢᠯᠡᠬᠦ ᠵᠤᠭᠤᠰ 380 ᠲᠦᠭᠦᠷᠢᠭ ᠪᠤᠯᠤᠨ᠎ᠠ᠃

 ᠡᠭᠦᠨ ᠠᠴᠠ ᠭᠠᠳᠠᠨ᠎ᠠ᠂ ᠪᠤᠭᠤᠲᠤ ᠬᠤᠳᠠ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠡᠮ ᠡᠮᠨᠡᠯᠭᠡ ᠶᠢᠨ ᠲᠠᠭᠠᠳᠬᠠᠯ ᠤᠨ ᠤᠯᠭᠤᠮᠵᠢ ᠶᠢᠨ ᠲᠦᠪᠰᠢᠨ ᠢ ᠨᠢᠭᠡᠳᠬᠡᠵᠦ᠂ ᠡᠮᠨᠡᠯᠭᠡ ᠳᠤ ᠰᠠᠭᠤᠵᠦ ᠲᠠᠩᠰᠠᠨ ᠠᠴᠠ ᠴᠠᠶᠢᠷᠠᠭᠤᠯᠬᠤ ᠲᠡᠬᠡᠳᠤ ᠬᠢᠵᠠᠭᠠᠷ ᠢ 23 ᠲᠦᠮᠡᠨ ᠲᠦᠭᠦᠷᠢᠭ ᠪᠤᠯᠭᠠᠨ ᠦᠰᠭᠡᠵᠦ᠂ ᠲᠠᠩᠰᠠᠨ ᠠᠴᠠ ᠴᠠᠶᠢᠷᠠᠭᠤᠯᠬᠤ ᠡᠮ ᠤᠨ ᠭᠠᠷᠴᠠᠭ ᠢ 2582 ᠲᠦᠷᠦᠯ ᠪᠤᠯᠭᠠᠨ ᠨᠡᠮᠡᠭᠳᠡᠬᠦᠯᠵᠦ᠂ ᠬᠤᠤᠷᠳᠤ ᠬᠠᠪᠤᠳᠠᠷ ᠢ ᠵᠠᠰᠠᠬᠤ ᠡᠮ ᠤᠨ ᠲᠠᠩᠰᠠᠨ ᠠᠴᠠ ᠴᠠᠶᠢᠷᠠᠭᠤᠯᠬᠤ ᠲᠦᠷᠦᠯ ᠵᠦᠢᠯ ᠢ 12 ᠲᠦᠷᠦᠯ ᠪᠤᠯᠭᠠᠨ ᠨᠡᠮᠡᠭᠳᠡᠬᠦᠯᠵᠦ᠂ ᠤᠨᠴᠠᠭᠠᠢ ᠲᠤᠬᠳᠠᠭᠠᠭᠰᠠᠨ ᠬᠠᠪᠤᠳᠠᠷ ᠤᠨ ᠡᠪᠡᠳᠴᠢᠳᠡᠨ ᠤ ᠡᠮ ᠬᠡᠷᠡᠭᠯᠡᠵᠦ ᠲᠠᠩᠰᠠᠨ ᠠᠴᠠ ᠴᠠᠶᠢᠷᠠᠭᠤᠯᠬᠤ ᠬᠦᠷᠢᠶ᠎ᠠ ᠬᠡᠪᠴᠢᠶ᠎ᠠ ᠶᠢ ᠤᠯᠠᠮ ᠨᠢᠭᠡ ᠠᠯᠬᠤᠮ ᠦᠷᠭᠡᠳᠬᠡᠭᠰᠡᠨ ᠪᠠᠶᠢᠨ᠎ᠠ᠃

 ᠪᠤᠭᠤᠲᠤ ᠬᠤᠳᠠ ᠶᠢᠨ ᠲᠤᠰ ᠤᠳᠠᠭᠠᠨ ᠤ ᠡᠮ ᠡᠮᠨᠡᠯᠭᠡ ᠶᠢᠨ ᠲᠠᠭᠠᠳᠬᠠᠯ ᠤᠨ ᠦᠭᠡᠷᠡᠴᠢᠯᠡᠯᠲᠡ ᠳᠤ 122 ᠲᠦᠮᠡᠨ ᠬᠦᠮᠦᠨ ᠬᠤᠯᠪᠤᠭᠳᠠᠪᠠ᠃ ᠡᠭᠦᠨ ᠳᠤ ᠬᠤᠳᠠ ᠪᠠᠯᠭᠠᠰᠤ ᠶᠢᠨ 52 ᠲᠦᠮᠡᠨ ᠰᠠᠭᠤᠭᠠᠯᠢ ᠠᠷᠠᠳ ᠪᠤᠯᠤᠨ 70 ᠲᠦᠮᠡᠨ ᠮᠠᠯᠴᠢᠨ ᠲᠠᠷᠢᠶᠠᠴᠢᠨ ᠪᠠᠭᠳᠠᠵᠤ ᠪᠤᠢ᠃

 ᠢᠷᠡᠯᠲᠡ᠄ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ

包头市实行农牧民与城镇居民一样的医疗保险政策

从7月1日起,包头市正式施行新的居民医疗保险政策,建立全市统一的居民医疗保险体制,实现了农牧民与城镇居民参保起点的公平,享受待遇的平等。
 此次整合过程中,包头市对城乡居民医疗保险制度进行了重新设计,做到覆盖范围、筹资政策、保障待遇、医保目录、定点管理、基金管理“六个统一”,建立起更加公平、更可持续的居民基本医疗保险制度。
 在覆盖范围方面,新政策明确将不属于职工医疗保险范围的人群全部纳入到居民医疗保险。居民不再受城乡身份的限制,城乡居民能够更加公平地享有基本医疗保障权益。
 在筹资政策方面,我市过去实行的城镇居民医保和新农合制度下,城镇居民筹资总额为每人每年600元,其中个人缴费220元,财政补贴380元;农牧民筹资总额为每人每年529元,其中个人缴费130元,财政补贴399元。
 整合后,2016年城乡居民筹资总额均为每人每年600元,城镇居民个人缴费和财政补贴不变;农牧民个人缴费仍为130元,财政补贴提高到470元。
另外,在校在园学生及婴幼儿筹资总额为430元,其中个人缴纳50元,财政补贴380元。以后年度居民个人缴费标准将根据财政补助标准、居民上年度收入水平、基金收支情况每年进行动态调整。
 在待遇水平方面,整合后城市居民医保待遇水平有所改善的同时,农牧民医保待遇标准得到大幅度提升。其中,住院报销封顶线提高到23万元,药品目录增加到2582种,保障能力更强。住院报销比例向基层医疗机构倾斜,起付线适当降低,鼓励“小病到社区、大病上医院”,方便百姓就近就医。另外,门诊特殊慢性病扩大到24种,相关参保人员医药费用负担进一步减轻。恶性肿瘤靶向药物报销种类增加到12种,特定肿瘤患者用药报销范围进一步扩大。
 居民携带社会保障卡或医疗手册就可以在定点医疗机构进行就医和实时结算。另外,我市还对城镇居民医保和新农合基金进行了合并,统一纳入居民医保基金专户,基金共济能力明显加强,从而进一步解除了参保者的后顾之忧。
 此次医保改革共涉及122万人,其中城镇居民52万人、农牧民70万人。 
   来源:内蒙古启言蒙汉语综合信息网整理编译

 
Posted in ᠤᠷᠤᠨ ᠨᠤᠲᠤᠭ |农牧信息 and tagged .