ᠥᠪᠥᠷ ᠮᠣᠩᠭ᠋ᠤᠯ᠄ 《ᠭᠤᠷᠪᠠ ᠶᠢ ᠲᠡᠮᠵᠢᠵᠤ ᠨᠢᠭᠡ ᠶᠢ ···内蒙古今年将招募2500名“三支一扶”高校毕业生

 
 

ᠥᠪᠥᠷ ᠮᠣᠩᠭ᠋ᠤᠯ᠄ 《ᠭᠤᠷᠪᠠ ᠶᠢ ᠲᠡᠮᠵᠢᠵᠤ ᠨᠢᠭᠡ ᠶᠢ ᠲᠡᠳᠬᠦᠬᠦ》 ᠠᠵᠢᠯ ᠤᠨ ᠪᠠᠶᠢᠷᠢᠨ ᠳᠤ 2500 ᠲᠡᠭᠦᠰᠦᠭᠰᠡᠳ ᠢ ᠡᠯᠰᠡᠨ᠎ᠡ

ᠥᠪᠥᠷ ᠮᠣᠩᠭ᠋ᠤᠯ《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠠᠵᠢᠯ ᠤᠨ ᠪᠠᠶᠢᠷᠢᠨ ᠳᠤ 2500 ᠨᠡᠷ᠎ᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ᠎ᠠ᠃ ᠰᠢᠶᠠᠩ ᠪᠠᠯᠭᠠᠰᠤᠨ(ᠰᠤᠮᠤ) ᠳᠤ ᠬᠦᠷᠴᠦ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠮᠠᠯ ᠠᠵᠤ ᠠᠬᠤᠶ ᠪᠤᠯᠤᠨ ᠤᠰᠤᠨ ᠠᠰᠢᠭᠯᠠᠯᠲᠠ ᠶᠢ ᠳᠡᠮᠵᠢᠬᠦ᠂ ᠡᠮ ᠡᠮᠨᠡᠯᠭᠡ ᠶᠢ ᠳᠡᠮᠵᠢᠬᠦ ᠪᠠ ᠶᠠᠳᠠᠭᠤ ᠶᠢ ᠲᠡᠳᠬᠦᠬᠦ ᠠᠵᠢᠯ ᠳᠤ ᠤᠷᠤᠯᠴᠠᠬᠤ ᠶᠢ ᠵᠤᠷᠢᠭᠵᠢᠭᠤᠯᠤᠨ᠎ᠠ᠃
  ᠲᠤᠰ ᠤᠳᠠᠭ᠎ᠠ ᠭᠤᠤᠯᠳᠠᠭᠤ 2016 ᠣᠨ ᠤ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ 2016 ᠣᠨ ᠤ ᠣᠷᠣᠨ ᠤ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭ᠋ᠤᠯ ᠨᠤᠲᠤᠭ ᠲᠠᠢ ᠰᠤᠷᠤᠭᠴᠢᠳ᠂ 2013 ᠣᠨ᠂ 2014 ᠣᠨ᠂ 2015 ᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠡᠳ ᠠᠵᠢᠯ ᠤᠯᠤᠭᠠᠳᠤᠢ ᠥᠪᠥᠷ ᠮᠣᠩᠭ᠋ᠤᠯ ᠨᠤᠲᠤᠭ ᠲᠠᠢ ᠰᠤᠷᠤᠭᠴᠢᠳ ᠪᠠᠭᠲᠠᠨ᠎ᠠ᠃
  ᠦᠨᠳᠦᠰᠦᠨ ᠱᠠᠲᠤᠨ ᠳᠤ ᠦᠢᠯᠡᠴᠢᠯᠡᠬᠦ ᠬᠤᠭᠤᠴᠠᠭᠠᠨ ᠳᠤ ᠬᠤᠰᠢᠭᠤ ᠰᠢᠶᠠᠨ (ᠬᠤᠳᠠ᠂ ᠲᠣᠭᠤᠷᠢᠭ) ᠤ ᠬᠥᠮᠦᠨ ᠤ ᠨᠦᠬᠡᠴᠡ ᠪᠣᠯᠤᠨ ᠨᠡᠶᠢᠭᠡᠮ ᠤᠨ ᠪᠠᠲᠤᠯᠠᠭᠠᠨ ᠤ ᠰᠠᠯᠠᠭ᠎ᠠ ᠮᠥᠴᠢᠷ ᠠᠴᠠ《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠰᠤᠷᠤᠭᠴᠢᠳ ᠲᠤ ᠬᠥᠮᠦᠨ ᠪᠦᠷᠢ ᠰᠠᠷ᠎ᠠ ᠳᠤ 1500 ᠲᠥᠭᠦᠷᠢᠭ᠌᠌ ᠤᠨ ᠠᠮᠢᠳᠤᠷᠠᠯ ᠤᠨ ᠨᠥᠬᠦᠪᠥᠷᠢ ᠪᠤᠯᠤᠨ ᠬᠥᠮᠦᠨ ᠪᠦᠷᠢ ᠵᠢᠯ ᠳᠤ 1200 ᠲᠥᠭᠦᠷᠢᠭ᠌ ᠤᠨ ᠵᠠᠮ ᠬᠠᠷᠢᠯᠴᠠᠭᠠᠨ ᠤ ᠨᠥᠬᠦᠪᠥᠷᠢ ᠶᠢ ᠲᠤᠭ᠎ᠠ ᠶᠣᠰᠣᠭᠠᠷ ᠨᠢᠭᠡᠳᠤᠯᠲᠠᠢ ᠤᠯᠭᠤᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠤᠷᠤᠭᠤᠯᠤᠨ᠎ᠠ᠃
  ᠡᠨᠡ ᠵᠢᠯ ᠠᠴᠠ ᠡᠬᠢᠯᠡᠨ᠂ ᠲᠥᠪ ᠤᠨ ᠡᠳ᠋ ᠤᠨ ᠵᠠᠰᠠᠭ ᠠᠴᠠ ᠬᠥᠮᠦᠨ ᠪᠦᠷᠢ 2000 ᠲᠥᠭᠦᠷᠢᠭ᠌᠌ ᠤᠨ ᠪᠠᠷᠢᠮᠵᠢᠶ᠎ᠠ ᠶᠣᠰᠣᠭᠠᠷ᠂ ᠰᠢᠨ᠎ᠡ ᠪᠠᠷ ᠤᠷᠢᠵᠤ ᠡᠯᠰᠡᠭᠳᠡᠭᠡᠳ ᠠᠵᠢᠯ ᠤᠨ ᠪᠠᠶᠢᠷᠢᠨ ᠳᠤ 6 ᠰᠠᠷ᠎ᠠ ᠠᠴᠠ ᠳᠡᠭᠡᠭ᠍ᠰᠢ ᠦᠢᠯᠡᠴᠢᠯᠡᠭᠰᠡᠨ《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠰᠤᠷᠤᠭᠴᠢᠳ ᠲᠤ ᠨᠢᠭᠡ ᠯᠡ ᠲᠡᠭᠡᠷ᠎ᠡ ᠲᠦᠪᠬᠢᠨᠡᠭᠦᠯᠬᠦ ᠨᠦᠬᠦᠪᠦᠷᠢ ᠤᠯᠭᠤᠨ᠎ᠠ᠃《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠰᠤᠷᠤᠭᠴᠢᠳ ᠤᠨ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠤᠭᠡᠳ ᠠᠰᠫᠢᠷᠠᠨᠲ ᠤᠨ ᠰᠢᠯᠭᠠᠯᠲᠠ ᠳᠤ ᠨᠡᠷ᠎ᠡ ᠮᠡᠳᠡᠭᠦᠯᠪᠡᠯ ᠶᠡᠷᠦᠩᠬᠡᠶ ᠬᠢᠷᠢ ᠪᠦᠲᠦᠮᠵᠢ ᠳᠡᠭᠡᠷ᠎ᠡ ᠨᠢ 10 ᠬᠤᠪᠢ ᠨᠡᠮᠡᠵᠦ᠂ ᠠᠳᠠᠯᠢ ᠨᠥᠬᠦᠴᠡᠯ ᠳᠣᠣᠷ᠎ᠠ ᠤᠷᠢᠳᠠᠪᠠᠷ ᠡᠯᠰᠡᠨ᠎ᠡ᠃
  ᠦᠢᠯᠡᠴᠢᠯᠡᠭᠰᠡᠨ ᠭᠠᠵᠠᠷ ᠲᠤ ᠪᠠᠨ ᠠᠯᠪᠠᠳᠠᠨ ᠰᠢᠯᠭᠠᠭᠤᠯᠬᠤ ᠪᠠ ᠠᠵᠢᠯ ᠦᠢᠯᠡᠰ ᠤᠨ ᠨᠢᠭᠡᠴᠡ ᠳᠤ ᠠᠯᠪᠠᠨ ᠶᠤᠰᠤᠭᠠᠷ ᠤᠷᠢᠭᠳᠠᠬᠤ ᠳᠤ ᠠᠶᠢᠮᠠᠭ ᠬᠤᠳᠠ᠂ ᠬᠤᠰᠢᠭᠤ ᠰᠢᠶᠠᠨ ᠤ ᠡᠷᠦᠬᠡ ᠠᠮᠠ ᠳᠤ ᠬᠢᠵᠠᠭᠠᠷᠯᠠᠭᠳᠠᠬᠤ ᠦᠭᠡᠢ᠃
     ᠢᠷᠡᠯᠳᠡ᠄ ᠦᠪᠦᠷ ᠮᠤᠩᠭ᠋ᠤᠯ ᠤᠨ ᠵᠠᠰᠠᠭ ᠤᠨ ᠤᠷᠳᠤᠨ

 
 
 

内蒙古今年将招募2500名“三支一扶”高校毕业生

近日从内蒙古自治区人力资源和社会保障厅获悉,内蒙古今年将招募2500名“三支一扶”高校毕业生,鼓励他们到乡镇(苏木)从事支教、支农(支牧)、水利、支医和扶贫工作。

此次招募对象为:

2016年自治区全日制普通高校应届毕业生;2016年区外全日制普通高校内蒙古籍应届毕业生;2013年、2014年、2015年全日制普通高校毕业且尚未就业的内蒙古籍高校毕业生。

补贴标准:

服务基层期间,由旗县(市、区)人力资源和社会保障部门统一为“三支一扶”高校毕业生足额发放每人每月1500元生活补贴和每人每年1200元交通补贴,并按照有关规定办理社会保险。

从今年起,中央财政按照每人2000元标准,给予每名新招募且在岗服务满6个月以上的“三支一扶”人员一次性安家补贴。“三支一扶”高校毕业生服务期满后,报考硕士研究生的,初试总成绩加10分,同等条件下优先录取;在服务地参加公务员考录和事业单位公开招聘的,不受盟市、旗县户籍限制。

Posted in ᠲᠠᠨ ᠤ ᠠᠩᠬᠠᠷᠤᠯ ᠳ᠋ᠤ|热点信息 and tagged .