ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠲᠡᠯᠭᠡᠨ ᠦᠵᠡᠭᠦᠯᠦᠯᠭᠡ ᠵᠢᠨ ·蒙古语标准音展厅在正蓝旗投入使用
ᠳᠤᠮᠳᠠᠳᠤ ᠤᠯᠤᠰ ᠤᠨ ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠲᠡᠯᠭᠡᠨ ᠦᠵᠡᠭᠦᠯᠦᠯᠭᠡ ᠵᠢᠨ ᠲᠢᠩᠬᠢᠮ ᠰᠢᠯᠤᠭᠤᠨ ᠬᠦᠭᠡ ᠬᠤᠰᠢᠭᠤᠨ ᠳ᠋ᠦ ᠪᠠᠢᠭᠤᠯᠤᠭᠳᠠᠯ᠎ᠠ
ᠳᠤᠮᠳᠠᠳᠤ ᠤᠯᠤᠰ ᠤᠨ ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠲᠡᠯᠭᠡᠨ ᠦᠵᠡᠬᠦᠯᠬᠦ ᠲᠢᠩᠬᠢᠮ ᠤᠢᠷ᠎ᠠ ᠵᠢᠨ ᠡᠳᠦᠷ ᠰᠢᠯᠤᠭᠤᠨ ᠬᠦᠭᠡ ᠬᠤᠰᠢᠭᠤᠨ ᠳ᠋ᠦ ᠪᠠᠢᠭᠤᠯᠤᠭᠳᠠᠵᠤ ᠠᠰᠢᠭᠯᠠᠯᠳᠠ ᠳ᠋ᠤ ᠤᠷᠤᠯ᠎ᠠ ᠃
ᠡᠨᠡᠬᠦ ᠲᠡᠯᠭᠡᠨ ᠦᠵᠡᠬᠦᠯᠦᠯᠭᠡ ᠵᠢᠨ ᠲᠢᠩᠬᠢᠮ ᠨᠢ ᠡᠬᠢᠯᠡᠯᠳᠡ ᠵᠢᠨ ᠦᠭᠡ ᠂ ᠪᠠᠷᠢᠮᠵᠢᠶ᠎ᠠ ᠠᠪᠢᠶ᠎ᠠ ᠵᠢ ᠲᠤᠭᠳᠠᠭᠠᠬᠤ ᠠᠵᠢᠯ ᠢ ᠵᠢᠯᠤᠭᠤᠳᠤᠭᠰᠠᠨ ᠤᠳᠤᠷᠢᠳᠤᠯᠭ᠎ᠠ ᠂ ᠪᠠᠷᠢᠮᠵᠢᠶ᠎ᠠ ᠠᠪᠢᠶ᠎ᠠ ᠵᠢ ᠲᠤᠭᠳᠠᠭᠠᠬᠤ ᠠᠵᠢᠯ ᠳ᠋ᠦ ᠤᠷᠤᠯᠴᠠᠭᠰᠠᠨ ᠡᠷᠳᠡᠮᠳᠡᠨ ᠰᠤᠳᠤᠯᠭᠠᠳᠠᠨ ᠂ ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠠᠯᠳᠠᠷᠳᠤ ᠨᠡᠪᠳᠡᠷᠡᠭᠦᠯᠦᠭᠴᠢ ᠂ ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠠᠵᠢᠯ ᠤᠨ ᠵᠢᠳᠬᠦᠯᠳᠡ ᠂ ᠮᠤᠩᠭᠤᠯ ᠬᠡᠯᠡᠨ ᠦ ᠪᠠᠷᠢᠮᠵᠢᠶ᠎ᠠ ᠠᠪᠢᠶ᠎ᠠ ᠵᠢ ᠲᠦᠭᠡᠮᠡᠯᠵᠢᠬᠦᠯᠬᠦ ᠬᠦᠳᠦᠯᠪᠤᠷᠢ ᠠᠵᠢᠯᠯᠠᠭ᠎ᠠ ᠂ ᠲᠡᠬᠦᠰᠭᠡᠯ ᠦᠨ ᠦᠬᠡ ᠵᠡᠷᠭᠡ ᠲᠤᠯᠤᠭᠠᠨ ᠬᠡᠰᠡᠭ ᠵᠢᠡᠷ ᠪᠦᠷᠢᠯᠳᠦᠭᠰᠡᠨ ᠪᠠᠢᠳᠠᠭ ᠃ ᠡᠭᠦᠨ ᠳ᠋ᠡᠭᠡᠨ ᠳᠤᠮᠳᠠᠳᠤ ᠤᠯᠤᠰ ᠤᠨ ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠲᠤᠬᠠᠢ ᠨᠤᠮ ᠰᠡᠳᠬᠦᠯ ᠂ ᠪᠢᠴᠢᠭ ᠮᠠᠲ᠋ᠧᠷᠢᠶᠠᠯ ᠂ ᠵᠢᠷᠤᠭ ᠰᠡᠭᠦᠳᠡᠷ ᠂ ᠲᠦᠷᠰᠦ ᠰᠢᠩᠭᠡᠭᠡᠯᠳᠡ ᠵᠡᠷᠭᠡ 380 ᠲᠦᠷᠦᠯ ᠤᠨ ᠬᠤᠪᠤᠷ ᠴᠤᠬᠠᠭ ᠵᠦᠢᠯᠡᠰ ᠢ ᠡᠮᠬᠢᠯᠡᠨ ᠴᠤᠭᠯᠠᠭᠤᠯᠵᠤ ᠂ ᠲᠡᠯᠭᠡᠨ ᠦᠵᠡᠭᠦᠯᠵᠦ ᠪᠤᠢ ᠃
ᠰᠢᠯᠤᠭᠤᠨ ᠬᠦᠭᠡ ᠬᠤᠰᠢᠭᠤ ᠪᠤᠯ ᠳᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠪᠤᠯᠤᠨ᠎ᠠ ᠃ 1980 ᠤᠨ ᠦ3 ᠰᠠᠷᠠᠢᠨ 31 ᠤ ᠡᠳᠦᠷ ᠂ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠠᠴᠠ ᠨᠠᠢ᠍ᠮᠠᠨ ᠮᠤᠵᠢ ᠤᠷᠤᠨ ᠤ ᠮᠤᠩᠭᠤᠯ ᠬᠡᠯᠡ ᠪᠢᠴᠢᠭ᠌ ᠤᠨ ᠠᠵᠢᠯ ᠤᠨ ᠬᠠᠮᠵᠢᠯᠴᠠᠬᠤ ᠲᠤᠭᠤᠢᠯᠠᠩ ᠤᠨ ᠲᠤᠷᠠᠳᠴᠤ ᠭᠠᠷᠭᠠᠭᠰᠠᠨ < ᠳᠤᠮᠳᠠᠳᠤ ᠭᠡᠰᠡᠭ ᠦᠨ ᠨᠤᠲᠤᠭ ᠤᠨ ᠠᠶᠠᠯᠭᠤ ᠪᠠᠷ ᠮᠠᠨ ᠤ ᠤᠯᠤᠰ ᠤᠨ ᠮᠤᠩᠭᠤᠯ ᠬᠡᠯᠡᠨ ᠤ ᠰᠠᠭᠤᠷᠢ ᠠᠶᠠᠯᠭᠤ ᠪᠤᠯᠭᠠᠵᠦ ᠂ ᠰᠢᠯᠤᠭᠤᠨ ᠬᠦᠭᠡ ᠪᠡᠷ ᠲᠦᠯᠦᠭᠡᠯᠡᠭᠦᠯᠦᠭᠰᠡᠨ ᠴᠠᠬᠠᠷ ᠠᠮᠠᠨ ᠠᠶᠠᠯᠭᠤ ᠪᠠᠷ ᠪᠠᠷᠢᠮᠵᠢᠶ᠎ᠠ ᠠᠪᠢᠶ᠎ᠠ ᠪᠤᠯᠭᠠᠬᠤ > ᠲᠦᠰᠦᠯ ᠢ ᠵᠦᠪᠰᠢᠶᠡᠷᠡᠵᠦ ᠂ 《ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠠᠮᠠᠨ ᠠᠶᠠᠯᠭᠤ ᠵᠢᠨ ᠰᠢᠰᠲ᠋ᠧᠮ 》 ᠢ ᠨᠡᠢᠳᠡᠯᠡᠭᠰᠡᠨ ᠪᠠᠢᠨ᠎ᠠ ᠃ 2009ᠤᠨ ᠤ 11 ᠰᠠᠷ᠎ᠠ ᠳ᠋ᠦ ᠂ ᠰᠢᠯᠤᠭᠤᠨ ᠬᠦᠭᠡ ᠬᠤᠰᠢᠭᠤᠨ ᠳ᠋ᠦ ᠬᠤᠷᠠᠯᠳᠤᠭᠰᠠᠨ < ᠳᠤᠮᠳᠠᠳᠤ ᠤᠯᠤᠰ ᠤᠨ ᠮᠤᠩᠭᠤᠯ ᠬᠡᠯᠡᠨ ᠦ ᠪᠠᠷᠢᠮᠵᠢᠶ᠎ᠠ ᠠᠪᠢᠶ᠎ᠠ ᠵᠢ ᠲᠤᠭᠳᠠᠭᠠᠭᠰᠠᠨ 30 ᠵᠢᠯ ᠤᠨ ᠤᠢ ᠵᠢ ᠪᠡᠯᠭᠡᠯᠡᠬᠦ ᠰᠤᠳᠤᠯᠭᠠᠨ ᠤ ᠬᠤᠷᠠᠯ> ᠲᠡᠭᠡᠷ᠎ᠡ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ ᠡᠴᠡ ᠰᠢᠯᠤᠭᠤᠨ ᠬᠦᠭᠡ ᠬᠤᠰᠢᠭᠤ ᠵᠢ ᠳᠤᠮᠳᠠᠳᠤ ᠤᠯᠤᠰ ᠤᠨ ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠰᠠᠭᠤᠷᠢᠨ ᠭᠡᠵᠦ ᠳᠤᠭᠳᠠᠭᠠᠵᠠᠢ ᠃
ᠡᠭᠦᠨ ᠡᠴᠡ ᠵᠠᠯᠭᠠᠭᠠᠳ ᠰᠢᠯᠤᠭᠤᠨ ᠬᠦᠭᠡ ᠬᠤᠰᠢᠭᠤ ᠮᠤᠩᠭᠤᠯ ᠬᠡᠯᠡᠨ ᠤ ᠪᠠᠷᠮᠵᠢᠶᠠ ᠠᠪᠢᠶ᠎ᠠ ᠵᠢ ᠲᠡᠯᠭᠡᠷᠡᠭᠦᠯᠦᠨ ᠲᠦᠭᠡᠮᠡᠯᠵᠢᠬᠦᠯᠬᠦ ᠮᠠᠰᠢ ᠤᠯᠠᠨ ᠠᠵᠢᠯᠯᠠᠭ᠎ᠠ ᠨᠤᠭᠤᠳ ᠢ ᠵᠤᠬᠢᠶᠠᠨ ᠪᠠᠢᠭᠤᠯᠤᠨ ᠠᠮᠵᠢᠯᠳᠠᠳᠠᠢ ᠦᠷᠨᠢᠬᠦᠯᠦᠭᠰᠡᠨ ᠪᠦᠭᠡᠳ ᠤᠳᠤ ᠪᠤᠯᠬᠤ ᠳᠤ ᠨᠡᠢᠳᠡ 30 ᠲᠦᠮᠡᠨ ᠲᠦᠭᠦᠷᠢᠭ ᠵᠠᠷᠤᠴᠠᠭᠤᠯᠵᠤ ᠂ ᠡᠨᠡᠬᠦ ᠲᠡᠯᠭᠡᠨ ᠦᠵᠡᠬᠦᠯᠬᠦ ᠲᠢᠩᠬᠢᠮ ᠢ ᠪᠠᠢᠭᠤᠯᠤᠭᠰᠠᠨ ᠨᠢ ᠮᠤᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠲᠡᠦᠭᠡ ᠪᠤᠯᠤᠨ ᠤᠳᠤᠬᠢ ᠬᠦᠭᠵᠢᠯᠳᠡ ᠵᠢᠨ ᠬᠠᠨᠳᠤᠰᠢ ᠵᠢᠨ ᠲᠤᠬᠠᠢ ᠤᠢᠯᠭᠠᠬᠤ ᠂ ᠪᠠᠷᠢᠮᠵᠢᠶ᠎ᠠ ᠠᠪᠢᠶ᠎ᠠ ᠵᠢ ᠰᠤᠷᠴᠤ ᠲᠡᠯᠭᠡᠷᠡᠭᠦᠯᠬᠦ ᠵᠢᠴᠢ ᠨᠡᠩ ᠴᠢᠨᠠᠭᠰᠢᠳᠠ ᠬᠦᠨᠵᠡᠭᠡᠢ ᠰᠤᠳᠤᠯᠭᠠᠨ ᠬᠢᠬᠦ ᠳ᠋ᠦ ᠲᠦᠯᠬᠢᠴᠡ ᠦᠢᠯᠡᠳᠦᠯ ᠦᠵᠡᠭᠦᠯᠦᠭᠰᠡᠨ ᠪᠠᠢᠨ᠎ᠠ ᠃
ᠢᠷᠡᠯᠳᠡ᠄ ᠰᠢᠯᠤᠭᠤᠨ ᠬᠦᠭᠡ ᠵᠢᠨ ᠲᠧᠯᠧᠢᠰ ᠬᠤᠷᠢᠶ᠎ᠠ ᠦᠵᠡᠰᠭᠦᠯᠡᠩ
中国蒙古语标准音展厅在锡林郭勒盟正蓝旗投入使用
近日,中国蒙古语标准音展厅在锡林郭勒盟正蓝旗文化中心投入使用。展厅收录了有关中国蒙古语标准音的相关书籍、报刊、文件、图片音像等资料380多种,对中国蒙古语标准音的历史及发展现状进行了全方位展示。
正蓝旗是中国蒙古语标准音基地。1980年3月31日,内蒙古自治区人民政府批转了八省区蒙古语文工作协作小组提出的关于以中部方言为我国蒙古语的基础方言,以正蓝旗为代表的察哈尔土语为标准音,使用以拉丁字母为基础的蒙古语音标方案,内蒙古语委公布了《蒙古语标准音音位系统》。2009年11月10至11日,正蓝旗举办了中国蒙古语标准音确定30周年庆祝大会暨研讨会,被自治区民委授予“中国蒙古语标准音基地”。
来源:锡林郭勒盟民族事务委员会