2016 ᠤᠨ ᠳᠤ ᠳᠤᠮᠳᠠᠳᠤ ᠤᠯᠤᠰ ᠤᠨ ᠺᠢᠨᠤ᠋ ᠤᠷᠳᠤᠨ ᠤ ᠪᠠᠶᠢᠭᠤᠯᠤᠯᠲᠠ ᠤᠯᠠᠮ ᠡᠷᠴᠢᠮᠲᠡᠢ ᠬᠦᠭ᠍ᠵᠢᠯᠡ᠃ ᠰᠤᠷᠪᠤᠯᠵᠢᠯᠠᠬᠴᠢ 20 ᠤ᠋ ᠡᠳᠦᠷ ᠤᠯᠤᠰ ᠤᠨ ᠮᠡᠳᠡᠭᠡ ᠮᠡᠳᠡᠭᠡᠯᠡᠯ ᠬᠡᠪᠯᠡᠯ ᠷᠠᠳᠢᠤ᠋ ᠲᠧᠯᠧᠢᠰ ᠤᠨ ᠶᠡᠷᠦᠩᠬᠡᠢ ᠲᠤᠪᠴᠢᠶ᠎ᠠ ᠶᠢᠨ ᠺᠢᠨᠤ᠋ ᠵᠦᠴᠦᠭᠡ ᠶᠢᠨ ᠲᠤᠪᠴᠢᠶ᠎ᠠ ᠡᠴᠡ ᠤᠶᠢᠯᠠᠭᠠᠬᠰᠠᠨ ᠢᠶᠡᠷ᠂ 12 ᠰᠠᠷ᠎ᠠ ᠶᠢᠨ 20 ᠤ᠋ ᠡᠳᠦᠷ ᠪᠤᠯᠲᠠᠯ᠎ᠠ ᠮᠠᠨ ᠤ ᠤᠯᠤᠰ ᠲᠤ ᠨᠡᠶᠢᠲᠡ 40917 ᠺᠢᠨᠤ᠋ ᠶᠢᠨ ᠬᠦᠰᠢᠭᠡ ᠲᠠᠢ ᠪᠤᠯᠵᠦ᠂ ᠡᠳᠦᠷ ᠲᠤ ᠳᠤᠮᠳᠠᠴᠢ ᠪᠡᠷ 26 ᠺᠢᠨᠤ᠋ ᠶᠢᠨ ᠬᠦᠰᠢᠭᠡ ᠨᠡᠮᠡᠭᠳᠡᠨ ᠦᠩᠭᠡᠷᠡᠭᠰᠡᠨ ᠤᠨ ᠤ ᠡᠳᠦᠷ ᠲᠤ ᠳᠤᠮᠳᠠᠴᠢ ᠪᠡᠷ 22 ᠨᠡᠮᠡᠭᠳᠡᠬᠦ ᠡᠴᠡ ᠪᠠᠰᠠ ᠬᠤᠷᠳᠤᠨ ᠪᠤᠯᠤᠬᠰᠠᠨ ᠪᠠᠶᠢᠨ᠎ᠠ᠃
ᠪᠦᠷᠢᠳᠬᠡᠯ ᠢᠶᠡᠷ᠂ ᠳᠤᠮᠳᠠᠳᠤ ᠤᠯᠤᠰ ᠤᠨ ᠪᠦᠬᠦᠶᠢᠯᠡ ᠺᠢᠨᠤ᠋ ᠶᠢᠨ ᠬᠦᠰᠢᠭᠡ ᠶᠢᠨ ᠳᠤᠳᠤᠷ᠎ᠠ 3D ᠬᠦᠰᠢᠭᠡ 85% ᠵᠢ ᠡᠵᠡᠯᠡᠨ᠂ ᠺᠢᠨᠤ᠋ ᠤᠷᠳᠤᠨ ᠤ ᠪᠠᠶᠢᠭᠤᠯᠤᠯᠲᠠ ᠶᠢᠨ ᠪᠠᠷᠢᠮᠵᠢᠶ᠎ᠠ ᠶᠢᠨ ᠨᠢᠭᠡ ᠪᠤᠯᠵᠠᠢ᠃
ᠠᠮᠸᠷᠢᠺᠠ ᠶᠢᠨ ᠺᠢᠨᠤ᠋ ᠶᠢᠨ ᠤᠷᠳᠤᠨ ᠤ ᠡᠵᠡᠩᠨᠡᠭᠴᠢᠳ ᠤᠨ ᠨᠡᠶᠢᠭᠡᠮᠯᠢᠭ᠌ ᠤᠨ ᠪᠦᠷᠢᠳᠬᠡᠯ ᠢ ᠦᠨᠳᠦᠰᠦᠯᠡᠪᠡᠯ᠂ ᠡᠨᠡ ᠤᠨ ᠤ 5 ᠰᠠᠷ᠎ᠠ ᠪᠤᠯᠲᠠᠯ᠎ᠠ ᠠᠮᠸᠷᠢᠺᠠ ᠶᠢᠨ ᠺᠢᠨᠤ᠋ ᠶᠢᠨ ᠬᠦᠰᠢᠭᠡ ᠶᠢᠨ ᠶᠡᠷᠦᠩᠬᠡᠢ ᠲᠤᠭ᠎ᠠ 40759 ᠪᠠᠶᠢᠵᠦ᠂ ᠳᠤᠮᠳᠠᠳᠤ ᠤᠯᠤᠰ ᠤᠨ ᠺᠢᠨᠤ᠋ ᠬᠦᠰᠢᠭᠡ ᠶᠢᠨ ᠲᠤᠭ᠎ᠠ ᠨᠢᠭᠡᠨᠲᠡ ᠠᠮᠸᠷᠢᠺᠠ ᠵᠢ ᠳᠠᠪᠠᠭᠠᠳ ᠳᠡᠯᠡᠬᠡᠢ ᠳᠤ ᠲᠡᠷᠢᠭᠦᠯᠡᠵᠡᠢ᠃
ᠢᠷᠡᠯᠳᠡ᠄ ᠰᠢᠨᠬᠤᠸᠠ ᠬᠤᠷᠢᠶ᠎ᠠ