ᠦᠪᠦᠷ ᠮᠤᠩᠭᠤᠯ ᠤᠨ 63 ᠬᠤᠰᠢᠭᠤ ᠰᠢᠶᠠᠨ 8.77 ᠳ᠋ᠦᠩᠰᠢᠭᠤᠷ ᠮᠤ ·内蒙古在63个旗县划定基本草原8.77亿亩

ᠦᠪᠦᠷ ᠮᠤᠩᠭᠤᠯ ᠤᠨ 63 ᠬᠤᠰᠢᠭᠤ ᠰᠢᠶᠠᠨ 8.77 ᠳ᠋ᠦᠩᠰᠢᠭᠤᠷ ᠮᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠤᠭᠲᠠᠭᠠᠪᠠ

ᠰᠤᠷᠪᠤᠯᠵᠢᠯᠠᠭᠴᠢ ᠣᠢᠷ᠎ᠠ ᠶᠢᠨ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ  ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠴᠠ ᠤᠢᠯᠠᠭᠠᠵᠤ ᠮᠡᠲᠡᠭᠰᠡᠨ ᠨᠢ ᠂ 2016 ᠤᠨ ᠳ᠋ᠥ ᠦᠪᠦᠷ ᠮᠤᠩᠭᠤᠯ ᠤᠷᠤᠨ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠤᠭᠲᠠᠭᠠᠬᠤ ᠠᠵᠢᠯ ᠢ ᠪᠡᠶᠡᠯᠡᠬᠦᠯᠵᠦ ᠂ 63 ᠬᠤᠰᠢᠭᠤ ᠰᠢᠶᠠᠨ ᠳ᠋ᠥ 8.77 ᠳ᠋ᠦᠩᠰᠢᠭᠤᠷ ᠮᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠳᠤᠭᠲᠠᠭᠠᠵᠠᠢ ᠂ ᠡᠨᠡ ᠨᠢ ᠪᠦᠬᠦ ᠤᠷᠤᠨ ᠤ ᠨᠤᠲᠤᠭ ᠪᠡᠯᠴᠢᠭᠡᠷ  ᠤᠨ ᠲᠠᠯᠠᠪᠠᠢ  ᠶᠢᠨ 77.07%  ᠶᠢ ᠡᠵᠡᠯᠡᠵᠦ ᠂ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠳᠤᠭᠲᠠᠭᠠᠭᠰᠠᠨ ᠬᠤᠰᠢᠭᠤ ᠰᠢᠶᠠᠨ ᠤ ᠨᠤᠲᠤᠭ ᠪᠡᠯᠴᠢᠭᠡᠷ  ᠤᠨ ᠲᠠᠯᠠᠪᠠᠢ  ᠶᠢᠨ 81.17% ᠶᠢ ᠡᠵᠡᠯᠡᠵᠦ ᠪᠠᠢᠨ᠎ᠠ ᠃

ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠤᠭᠲᠠᠭᠠᠬᠤ ᠠᠵᠢᠯ ᠪᠤᠯ ᠮᠠᠨ ᠤ ᠣᠷᠣᠨ ᠤ ᠨᠤᠲᠤᠭ ᠪᠡᠯᠴᠢᠭᠡᠷ  ᠤᠨ《ᠬᠤᠤᠰ ᠡᠷᠭᠡ ᠨᠢᠭᠡ ᠳᠦᠷᠢᠮ 》 ᠢ ᠨᠠᠢᠲᠠᠪᠤᠷᠢᠵᠢᠭᠤᠯᠤᠭᠰᠠᠨ ᠡᠴᠠ ᠲᠠᠷᠠᠭᠠᠬᠢ ᠪᠠᠰᠠ ᠨᠢᠬᠡᠨ ᠤᠲᠠᠭᠠᠨ ᠤ ᠨᠤᠲᠤᠭ ᠪᠡᠯᠴᠢᠭᠡᠷ  ᠢ ᠬᠠᠮᠠᠭᠠᠯᠠᠬᠤ ᠂ ᠪᠦᠳᠦᠭᠡᠨ ᠪᠠᠢᠭᠤᠯᠬᠤ ᠂ ᠠᠰᠢᠭᠯᠠᠬᠤ ᠴᠢᠬᠤᠯᠠ ᠠᠷᠭ᠎ᠠ ᠬᠡᠮᠵᠢᠶ᠎ᠠ ᠮᠥᠨ ᠃ ᠡᠯ᠎ᠡ ᠭᠠᠵᠠᠷ  ᠤᠨ ᠦᠨᠳᠦᠰᠦᠨ ᠨᠤᠲᠤᠭ ᠪᠡᠯᠴᠢᠭᠡᠷ  ᠢ ᠵᠠᠭᠠᠭᠯᠠᠨ ᠲᠤᠭᠲᠠᠭᠠᠬᠤ ᠠᠵᠢᠯ ᠢ ᠪᠡᠶᠡᠯᠡᠬᠦᠯᠦᠭᠰᠡᠨ ᠦ ᠲᠠᠷᠠᠭ᠎ᠠ ᠴᠦᠮ ᠱᠠᠭᠠᠷᠲᠠᠯᠭ᠎ᠠ ᠶᠤᠰᠤᠭᠠᠷ ᠦᠨᠳᠦᠰᠦᠨ ᠨᠤᠲᠤᠭ ᠪᠡᠯᠴᠢᠭᠡᠷ  ᠤᠨ ᠪᠠᠢᠷᠢᠰᠢᠯ ᠤᠨ ᠵᠢᠷᠤᠭ ᠂ ᠦᠨᠳᠦᠰᠦᠨ ᠨᠤᠲᠤᠭ ᠪᠡᠯᠴᠢᠭᠡᠷ  ᠢ ᠵᠠᠭᠠᠭᠯᠠᠨ ᠳᠤᠭᠲᠠᠭᠠᠭᠰᠠᠨ ᠵᠠᠰᠠᠭ ᠤᠨ ᠣᠷᠲᠣᠨ ᠤ ᠠᠯᠪᠠᠨ ᠵᠠᠷ ᠂ ᠦᠨᠳᠦᠰᠦᠨ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠲᠡᠮᠲᠡᠭ ᠵᠢᠴᠢ ᠦᠨᠳᠦᠰᠦᠨ ᠨᠤᠲᠤᠭ ᠪᠡᠯᠴᠢᠭᠡᠷ ᠤᠨ ᠲᠠᠩᠰᠠ ᠡᠪᠬᠡᠮᠡᠯ ᠮᠠᠲ᠋ᠧᠷᠢᠶᠠᠯ ᠢ ᠪᠤᠢ ᠪᠤᠯᠭᠠᠵᠤ ᠂ ᠨᠤᠲᠤᠭ ᠪᠡᠯᠴᠢᠭᠡᠷ ᠦᠨ ᠠᠮᠢ ᠠᠬᠤᠢ ᠶᠢᠨ ᠬᠠᠮᠠᠭᠠᠯᠠᠯᠲᠠ ᠶᠢᠨ《ᠤᠯᠠᠭᠠᠨ ᠱᠣᠭᠣᠮ 》 ᠢ ᠳᠤᠭᠲᠠᠭᠠᠬᠤ ᠳ᠋ᠥ ᠨᠠᠨᠳᠢᠨ ᠳᠤᠷᠰᠢᠯᠭ᠎ᠠ ᠪᠠ ᠰᠠᠭᠤᠷᠢ ᠲᠤᠭ᠎ᠠ ᠪᠠᠷᠢᠮᠲᠠ ᠬᠠᠩᠭᠠᠭᠰᠠᠨ ᠪᠠᠢᠨ᠎ᠠ ᠃

ᠢᠷᠡᠯᠲᠡ ᠄ ᠠᠷᠠᠳ ᠤᠨ ᠰᠦᠯᠵᠢᠶ᠎ᠡ

内蒙古在63个旗县划定基本草原8.77亿亩

近日,记者从内蒙古自治区农牧业厅获悉,2016年,内蒙古完成了基本草原划定工作,共在63个旗县划定基本草原8.77亿亩,占全区草原面积的77.07%,占划定基本草原旗县草原面积的81.17%。

基本草原划定工作是我区继落实草原“双权一制”之后,又一次草原保护、建设、利用的重要举措。各地基本草原划定工作完成后均按要求形成了基本草原分布图、基本草原划定成果政府公告、基本草原保护标志及基本草原档案资料,为草原生态保护“红线”的划定提供宝贵的经验和基础数据。

来源:内蒙古日报社

 
Posted in ᠤᠷᠤᠨ ᠨᠤᠲᠤᠭ |农牧信息 and tagged .