ᠢᠳᠡᠭᠡᠨ ᠤ ᠵᠦᠢᠯ ᠦᠨ ᠠᠮᠤᠷ ᠲᠦᠪᠰᠢᠨ ᠦ ᠰᠢᠨ᠎ᠡ ᠲᠤᠭᠲᠠᠭᠠᠯ · 食药监总局:食品号称纯绿色将被定为消费欺诈

ᠢᠳᠡᠭᠡᠨ ᠤ ᠵᠦᠢᠯ ᠦᠨ ᠠᠮᠤᠷ ᠲᠦᠪᠰᠢᠨ ᠦ ᠰᠢᠨ᠎ᠡ ᠲᠤᠭᠲᠠᠭᠠᠯ ᠤᠨ ᠲᠤᠬᠠᠢ ᠰᠠᠨᠠᠯ ᠬᠤᠷᠢᠶᠠᠵᠤ ᠪᠤᠢ᠄ ᠦᠰᠭᠡᠭᠡᠨ ᠲᠦᠰᠭᠡᠭᠡᠨ ᠲᠡᠢ ᠤᠬᠠᠭᠤᠯᠭ᠎ᠠ ᠵᠢᠨ ᠬᠡᠯᠡᠯᠭᠡ ᠬᠡᠷᠡᠭᠯᠡᠭᠰᠡᠨ ᠵᠡᠷᠭᠡ ᠮᠡᠭᠡᠯᠡᠯ ᠦᠨ ᠦᠢᠯᠡ ᠠᠵᠢᠯᠯᠠᠭ᠎ᠠ ᠵᠢ ᠵᠤᠭᠤᠰ ᠵᠢᠡᠷ ᠲᠤᠷᠭᠠᠨ᠎ᠠ

ᠤᠯᠤᠰ ᠤᠨ ᠢᠳᠡᠭᠡᠨ ᠦ ᠵᠦᠢᠯ ᠡᠮ ᠦᠨ ᠵᠦᠢᠯ ᠦᠨ ᠬᠢᠨᠠᠯᠲᠠ ᠬᠠᠮᠢᠶᠠᠷᠤᠯᠲᠠ ᠵᠢᠨ ᠶᠡᠷᠦᠩᠭᠡᠢ ᠲᠤᠪᠴᠢᠶ᠎ᠠ ᠲᠦᠷᠦᠬᠦᠭᠡᠨ ᠳ᠋ᠤ《ᠢᠳᠡᠭᠡᠨ ᠦ ᠵᠦᠢᠯ ᠦᠨ ᠠᠮᠤᠷ ᠲᠦᠪᠰᠢᠨ ᠦ ᠮᠡᠭᠡᠯᠡᠯ ᠦᠨ ᠦᠢᠯᠡ ᠠᠵᠢᠯᠯᠠᠭ᠎ᠠ ᠵᠢ ᠪᠠᠢᠴᠠᠭᠠᠨ ᠰᠢᠳᠪᠤᠷᠢᠯᠡᠬᠦ ᠠᠷᠭ᠎ᠠ》(ᠰᠠᠨᠠᠯ ᠬᠤᠷᠢᠶᠠᠬᠤ ᠨᠤᠤᠷᠠᠭ)ᠵᠢ ᠨᠡᠢᠲᠡᠯᠡᠵᠤ ᠂ ᠨᠡᠢᠭᠡᠮ ᠨᠡᠢᠲᠡ ᠡᠴᠡ ᠢᠯᠡ ᠪᠡᠷ ᠰᠠᠨᠠᠯ ᠬᠤᠷᠢᠶᠠᠬᠤ ᠪᠠᠷ ᠪᠤᠯᠪᠠ᠃ ᠰᠠᠨᠠᠯ ᠬᠤᠷᠢᠶᠠᠬᠤ ᠨᠤᠤᠷᠠᠭ ᠲᠤ ᠦᠢᠯᠡᠳᠬᠦᠨ ᠦ ᠮᠡᠭᠡᠯᠡᠯ ᠂ ᠱᠤᠰᠢᠭ᠎ᠠ ᠲᠡᠮᠳᠡᠭ ᠲᠤᠳᠤᠷᠬᠠᠢᠯᠠᠯᠲᠠ ᠵᠢᠨ ᠪᠢᠴᠢᠭ ᠤᠨ ᠮᠡᠭᠡᠯᠡᠯ ᠂ ᠢᠳᠡᠭᠡᠨ ᠦ ᠵᠦᠢᠯ ᠦᠨ ᠤᠬᠠᠭᠤᠯᠭ᠎ᠠ ᠵᠢᠨ ᠮᠡᠭᠡᠯᠡᠯ ᠵᠡᠷᠭᠡ ᠤᠯᠠᠨ ᠵᠦᠢᠯ ᠦᠨ ᠮᠡᠭᠡᠯᠡᠯ ᠦᠨ ᠦᠢᠯᠡ ᠠᠵᠢᠯᠯᠠᠭ᠎ᠠ ᠵᠢ ᠲᠤᠳᠤᠷᠬᠠᠢ ᠲᠤᠭᠲᠠᠭᠠᠭᠰᠠᠨ ᠪᠦᠭᠡᠳᠬᠠᠷᠠᠭᠠᠯᠵᠠᠭᠰᠠᠨ ᠬᠠᠤᠯᠢ ᠵᠢᠨ ᠬᠠᠷᠢᠭᠤᠴᠠᠯᠭ᠎ᠠ ᠵᠢ ᠲᠤᠭᠲᠠᠭᠠᠵᠠᠢ ᠃
   ᠰᠠᠨᠠᠯ ᠬᠤᠷᠢᠶᠠᠬᠤ ᠨᠤᠤᠷᠠᠭ ᠲᠤ ᠂ ᠰᠦᠯᠵᠢᠶ᠎ᠡ ᠂ ᠲᠧᠯᠧᠢᠰ ᠂ ᠷᠠᠳᠢᠤ ᠵᠡᠷᠭᠡ ᠠᠷᠭ᠎ᠠ ᠬᠡᠯᠪᠡᠷᠢ ᠪᠡᠷ ᠢᠳᠡᠭᠡᠨ ᠦ ᠵᠦᠢᠯ ᠦᠨ ᠤᠬᠠᠭᠤᠯᠭ᠎ᠠ ᠬᠢᠬᠦ ᠳ᠋ᠡᠭᠡᠨ《ᠴᠤᠯ ᠪᠠᠢᠭᠠᠯᠢᠯᠢᠭ 》《ᠪᠤᠬᠢᠷᠳᠤᠯ ᠦᠭᠡᠢ 》ᠭᠡᠬᠦ ᠮᠡᠳᠤ ᠵᠢᠨ ᠦᠰᠭᠡᠭᠡᠨ ᠲᠦᠰᠭᠡᠭᠡᠨ ᠲᠠᠢ ᠤᠬᠠᠭᠤᠯᠭ᠎ᠠ ᠵᠢᠨ ᠬᠡᠯᠡᠯᠭᠡ ᠵᠢ ᠬᠡᠷᠡᠭᠯᠡᠭᠰᠡᠨ ᠂ ᠭᠧᠨ ᠰᠢᠯᠵᠢᠬᠦᠯᠦᠭᠰᠡᠨ ᠢᠳᠡᠭᠡᠨ ᠦ ᠵᠦᠢᠯ ᠵᠢᠡᠷ ᠭᠧᠨ ᠰᠢᠯᠵᠢᠬᠦᠯᠦᠭᠰᠡᠨ ᠪᠤᠰᠤ ᠢᠳᠡᠭᠡᠨ ᠦ ᠵᠦᠢᠯ ᠢ ᠤᠷᠤᠯᠠᠭᠤᠯᠤᠭᠰᠠᠨ ᠵᠡᠷᠭᠡ ᠦᠢᠯᠡ ᠪᠠᠢᠳᠠᠯ ᠲᠠᠢ ᠪᠠᠢᠪᠠᠯ ᠴᠦᠮ ᠢᠳᠡᠭᠡᠨ ᠦ ᠵᠦᠢᠯ ᠦᠨ ᠤᠬᠠᠭᠤᠯᠭ᠎ᠠ ᠵᠢᠨ ᠮᠡᠭᠡᠯᠡᠯ ᠳ᠋ᠤ ᠲᠤᠭᠠᠴᠠᠭᠳᠠᠨ᠎ᠠ ᠭᠡᠵᠠᠢ ᠃
  ᠡᠬᠦᠨ ᠳ᠋ᠤ ᠂《ᠴᠤᠯ ᠪᠠᠢᠭᠠᠯᠢᠯᠢᠭ》《ᠪᠤᠬᠢᠷᠳᠤᠯ ᠦᠭᠡᠢ》ᠭᠡᠬᠦ ᠮᠡᠳᠤ ᠵᠢᠨ ᠦᠰᠭᠡᠭᠡᠨ ᠲᠦᠰᠭᠡᠭᠡᠨ ᠲᠠᠢ ᠤᠬᠠᠭᠤᠯᠭ᠎ᠠ ᠵᠢᠨ ᠬᠡᠯᠡᠯᠭᠡ ᠵᠢ ᠬᠡᠷᠡᠭᠯᠡᠭᠰᠡᠨ ᠵᠡᠷᠭᠡ 6 ᠲᠦᠷᠦᠯ ᠦᠨ ᠮᠡᠭᠡᠯᠡᠯ ᠦᠨ ᠦᠢᠯᠡ ᠠᠵᠢᠯᠯᠠᠭ᠎ᠠ ᠵᠢ ᠬᠢᠭᠰᠡᠨ ᠪᠠᠢᠪᠠᠯ ᠂ ᠲᠦᠮᠡᠨ ᠲᠦᠬᠦᠷᠢᠭ ᠡᠴᠡ ᠲᠡᠭᠡᠭᠰᠢ 3 ᠲᠦᠮᠡᠨ ᠲᠦᠬᠦᠷᠢᠭ ᠡᠴᠡ ᠲᠤᠭᠤᠭᠰᠢ ᠵᠤᠭᠤᠰ ᠵᠢᠡᠷ ᠲᠤᠷᠭᠠᠬᠤ  ᠪᠡᠷ ᠰᠢᠳᠭᠡᠬᠦ ᠪᠦᠭᠡᠳᠰᠢᠭᠤᠳ ᠬᠠᠷᠢᠭᠤᠴᠠᠯᠭ᠎ᠠ ᠲᠠᠢ ᠬᠦᠮᠦᠨ ᠢ 5000 ᠲᠦᠬᠦᠷᠢᠭ ᠡᠴᠡ ᠲᠡᠭᠡᠭᠰᠢ ᠲᠦᠮᠡᠨ ᠲᠦᠬᠦᠷᠢᠭ ᠡᠴᠡ ᠲᠤᠭᠤᠭᠰᠢ ᠵᠤᠭᠤᠰ ᠵᠢᠡᠷ ᠲᠤᠷᠭᠠᠬᠤ ᠪᠠᠷ ᠰᠢᠳᠭᠡᠨ᠎ᠡ ᠃ ᠭᠧᠨ ᠰᠢᠯᠵᠢᠬᠦᠯᠦᠭᠰᠡᠨ ᠢᠳᠡᠭᠡᠨ ᠦ ᠵᠦᠢᠯ ᠵᠢᠡᠷ ᠭᠧᠨ ᠰᠢᠯᠵᠢᠬᠦᠯᠦᠭᠰᠡᠨ ᠪᠤᠰᠤ ᠢᠳᠡᠭᠡᠨ ᠦ ᠵᠦᠢᠯ ᠢ ᠤᠷᠤᠯᠠᠭᠤᠯᠤᠭᠰᠠᠨ ᠪᠠᠢᠪᠠᠯ ᠲᠡᠭᠡᠷ᠎ᠡ ᠲᠤᠷᠠᠳᠤᠭᠰᠠᠨ ᠲᠤᠷᠭᠠᠭᠤᠯᠢ ᠪᠠᠷ ᠰᠢᠳᠭᠡᠬᠦ ᠵᠢᠨ ᠬᠠᠮᠳᠤ ᠪᠠᠰᠠ ᠢᠳᠡᠭᠡᠨ ᠦ ᠵᠦᠢᠯ ᠦᠨ ᠠᠮᠤᠷ ᠲᠦᠪᠰᠢᠨ ᠦ ᠬᠠᠮᠢᠶ᠎ᠠ ᠪᠦᠬᠦᠢ ᠲᠤᠭᠲᠠᠭᠠᠯ ᠢ ᠦᠨᠳᠦᠰᠦᠯᠡᠨ ᠲᠠᠬᠢᠨᠲᠠ ᠰᠢᠳᠭᠡᠨ᠎ᠡ ᠃
  ᠰᠠᠨᠠᠯ ᠬᠤᠷᠢᠶᠠᠬᠤ ᠨᠤᠤᠷᠠᠭ ᠲᠤ ᠂ ᠢᠳᠡᠭᠡᠨ ᠦ ᠵᠦᠢᠯ ᠦᠢᠯᠡᠳᠪᠤᠷᠢᠯᠡᠭᠴᠢ ᠡᠵᠡᠩᠨᠡᠭᠴᠢ ᠢᠳᠡᠭᠡᠨ ᠦ ᠵᠦᠢᠯ ᠦᠨ ᠠᠮᠤᠷ ᠲᠦᠪᠰᠢᠨ ᠦ ᠮᠡᠭᠡᠯᠡᠯ ᠦᠨ ᠦᠢᠯᠡ ᠠᠵᠢᠯᠯᠠᠭ᠎ᠠ ᠬᠢᠬᠦ ᠳ᠋ᠤ ᠬᠦᠷᠪᠡᠯ ᠂ ᠢᠳᠡᠭᠡᠨ ᠦ ᠵᠦᠢᠯ ᠦᠨ ᠠᠮᠤᠷ ᠲᠦᠪᠰᠢᠨ ᠦ ᠢᠳᠡᠭᠡᠮᠵᠢ ᠵᠢᠨ ᠲᠠᠩᠰᠠᠨ ᠳ᠋ᠤ ᠲᠡᠮᠳᠡᠭᠯᠡᠵᠤ ᠂ ᠦᠢᠯᠡ ᠪᠠᠢᠳᠠᠯ ᠨᠢ ᠬᠦᠨᠳᠤ ᠨᠤᠴᠢᠲᠠᠢ ᠪᠤᠯ ᠢᠳᠡᠭᠡᠨ ᠦ ᠵᠦᠢᠯ ᠡᠮ ᠦᠨ ᠵᠦᠢᠯ ᠦᠨ ᠠᠮᠤᠷ ᠲᠦᠪᠰᠢᠨ ᠦ《ᠬᠦᠨᠳᠤ ᠨᠤᠴᠢᠲᠠᠢ ᠢᠳᠡᠭᠡᠮᠵᠢ ᠠᠯᠳᠠᠭᠰᠠᠨ ᠨᠡᠷᠡᠰ 》ᠲᠤ ᠤᠷᠤᠭᠤᠯᠵᠤ ᠂ ᠪᠡᠯᠡ ᠤᠷᠤᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠂ ᠲᠡᠮᠳᠡᠭᠳᠤ ᠵᠢᠨ ᠬᠢᠨᠠᠯᠲᠠ ᠬᠠᠮᠢᠶᠠᠷᠤᠯᠲᠠ ᠵᠢᠨ ᠪᠠᠢᠭᠤᠯᠤᠮᠵᠢ ᠪᠠ ᠬᠤᠯᠪᠤᠭᠳᠠᠯ ᠪᠦᠬᠦᠢ ᠮᠦᠩᠬᠦᠨ ᠬᠦᠢᠯᠭᠡᠭᠡᠨ ᠦ ᠪᠠᠢᠭᠤᠯᠤᠮᠵᠢ ᠵᠢ ᠵᠠᠷᠯᠠᠨ ᠰᠢᠬᠦᠮᠵᠢᠯᠡᠨ᠎ᠡ ᠭᠡᠵᠤ ᠲᠤᠳᠤᠷᠬᠠᠢ ᠲᠤᠭᠲᠠᠭᠠᠵᠠᠢ ᠃
     ᠢᠷᠡᠯᠳᠡ᠄ ᠠᠷᠠᠳ ᠤᠨ ᠰᠦᠯᠵᠢᠶ᠎ᠡ

 

食药监总局:食品号称纯绿色将被定为消费欺诈

国家食药监总局15日发布了《食品安全欺诈行为查处办法》(征求意见稿)。该办法对产品欺诈、食品生产经营行为欺诈、标签说明书欺诈、食品宣传欺诈、信息欺诈、食品检验和认证欺诈、许可申请欺诈、备案信息欺诈、报告信息欺诈、提交虚假监管信息等10类食品安全欺诈行为做了明确界定。
  该办法指出,以网络、电话、电视、广播、讲座、会议等方式宣传食品,如果宣传信息涉及疾病预防、治疗功能,使用“纯绿色”“无污染”等用语,以转基因食品冒充非转基因食品等7种情形,均属于食品宣传欺诈。使用“纯绿色”“无污染”用语等6类欺诈行为,处1万元以上3万元以下罚款,并对直接责任人处5000元以上1万元以下罚款。以转基因食品冒充非转基因食品,在处以上述罚款的同时,还会依照《食品安全法》再次进行处罚。
  此外,使用病死、毒死或者死因不明及其他非食用用途的禽、畜、兽、水产动物肉类加工食品,将被认定为产品欺诈。单位和个人利用网络、媒体、移动社交平台等载体,编造、散布、传播虚假食品安全信息,属于信息欺诈,移交公安机关处理。
      来源:新华社 

 
Posted in ᠲᠠᠨᠭᠰᠤᠭ ᠢᠳᠡᠭᠡᠨ |舌尖美味 and tagged .