ᠤᠷᠠᠨ ᠬᠠᠳᠬᠤᠮᠠᠯ ᠤᠨ ᠰᠢᠨ᠎ᠡ ᠨᠤᠮ ᠤᠩᠰᠢᠭᠴᠢᠳ ᠲᠠᠢ ᠵᠤᠯᠭᠠᠯ᠎ᠠ新书发行——“鄂日多斯蒙古刺绣”

ᠤᠷᠠᠨ ᠬᠠᠳᠬᠤᠮᠠᠯ ᠤᠨ ᠰᠢᠨ᠎ᠡ ᠨᠤᠮ ᠤᠩᠰᠢᠭᠴᠢᠳ ᠲᠠᠢ ᠵᠤᠯᠭᠠᠯ᠎ᠠ

ᠦᠪᠦᠷ ᠮᠤᠩᠭ᠋ᠤᠯ ᠤᠨ ᠤᠷᠳᠤᠰ ᠮᠤᠩᠭᠤᠯᠴᠤᠳ ᠤᠨ ᠤᠷᠠᠨ ᠬᠠᠳᠬᠤᠮᠠᠯ ᠨᠢ ᠲᠡᠦᠬᠡ ᠰᠤᠶᠤᠯ ᠤᠨ ᠴᠢᠬᠤᠯᠠ ᠨᠢᠭᠡᠨ ᠪᠦᠷᠢᠯᠳᠦᠭᠦᠨ ᠬᠡᠰᠡᠭ ᠪᠤᠯᠬᠤ ᠪᠠᠷ ᠪᠠᠷᠠᠬᠤ ᠦᠭᠡᠢ᠂ ᠦᠪᠡᠷ ᠤᠨ ᠬᠡᠰᠡᠨ ᠭᠠᠵᠠᠷ ᠤᠷᠤᠨ ᠤ ᠦᠪᠡᠷᠮᠢᠴᠡ ᠤᠨᠴᠠᠯᠢᠭ ᠢ ᠬᠠᠳᠠᠭᠠᠯᠠᠵᠤ᠂ ᠤᠷᠳᠤᠰ ᠮᠤᠩᠭᠤᠯ ᠪᠦᠰᠡᠭᠦ᠋ᠢᠴᠦᠳ ᠤᠨ ᠤᠷᠠᠨ ᠬᠤᠷᠤᠭᠤᠨ ᠤ ᠡᠷᠳᠡᠮ ᠪᠠ ᠤᠢ ᠤᠬᠠᠭᠠᠨ ᠢ ᠢᠯᠡᠷᠡᠭᠦᠯᠵᠤ ᠪᠠᠶᠢᠳᠠᠭ᠃ ᠲᠦᠷᠦᠭᠦᠬᠡᠨ ᠤᠷᠳᠤᠰ ᠬᠤᠳᠠ ᠶᠢᠨ ᠤᠳᠤᠭ ᠤᠨ ᠡᠮᠦᠨᠡᠳᠦ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠠᠴᠠ ᠡᠮᠬᠢᠳᠭᠡᠨ ᠨᠠᠶᠢᠷᠠᠭᠤᠯᠤᠭᠰᠠᠨ 《ᠤᠷᠳᠤᠰ ᠮᠤᠩᠭᠤᠯ ᠤᠷᠠᠨ ᠬᠠᠳᠬᠤᠮᠠᠯ》ᠭᠡᠬᠦ ᠨᠤᠮ ᠤᠩᠰᠢᠭᠴᠢ ᠤᠯᠠᠨ ᠲᠠᠢ ᠪᠠᠨ ᠵᠤᠯᠭᠠᠵᠠᠢ᠃
   ᠲᠤᠰ ᠨᠤᠮ ᠳᠤ ᠤᠷᠳᠤᠰ ᠨᠤᠳᠤᠭ ᠤᠨ ᠡᠯ᠎ᠡ ᠬᠤᠰᠢᠭᠤᠨ ᠤ ᠤᠷᠠᠨ ᠬᠠᠳᠬᠤᠮᠠᠯᠴᠢᠨ ᠤ ᠬᠡᠰᠡᠭ ᠪᠦᠯᠦᠭ ᠤᠷᠠᠨ ᠬᠠᠳᠬᠤᠮᠠᠯ ᠤᠨ ᠪᠦᠲᠦᠭᠡᠯ ᠤᠳ ᠢ ᠰᠤᠩᠭᠤᠨ ᠤᠷᠤᠭᠤᠯᠪᠠ᠃ ᠡᠭᠦᠨ ᠳᠤ ᠬᠦᠬᠦᠦᠷ ᠳᠠᠯᠢᠩ᠂ ᠵᠡᠭᠦᠪᠴᠢ ᠬᠡᠳᠡᠪᠴᠢ᠂ ᠲᠤᠭᠤᠷᠴᠤᠭ ᠰᠢᠪᠡᠭ᠂ ᠲᠦᠷᠪᠡᠯᠵᠢᠨ ᠲᠡᠷ᠎ᠡ᠂ ᠳᠠᠮᠠᠬᠢᠨ ᠲᠤᠭᠤᠭᠠᠨ ᠤ ᠬᠠᠪᠳᠠᠭ᠎ᠠ᠂ ᠠᠶᠠᠭᠠᠨ ᠭᠡᠷ᠂ ᠮᠠᠬᠠᠢ ᠭᠤᠳᠤᠯ᠂ ᠳᠡᠷᠯᠢᠭ᠌ ᠤᠤᠵᠢ᠂ ᠬᠠᠨᠵᠢᠶᠠᠷᠢ᠂ ᠮᠤᠷᠢᠨ ᠮᠠᠩᠨᠠᠶᠢᠪᠴᠢ᠂ ᠪᠤᠭᠴᠤ ᠬᠠᠪᠳᠠᠭ᠎ᠠ᠂ ᠪᠤᠰᠤᠳ ᠬᠠᠳᠬᠤᠮᠠᠯ ᠵᠡᠷᠭᠡ ᠶᠢᠨ ᠤᠯᠠᠨ ᠲᠦᠷᠦᠯ ᠵᠦᠢᠯ ᠤᠨ ᠤᠷᠳᠤᠰ ᠨᠤᠳᠤᠭ ᠤᠨ ᠤᠷᠠᠨ ᠬᠠᠳᠬᠤᠮᠠᠯ ᠤᠨ ᠪᠦᠲᠦᠭᠡᠯ ᠢ ᠭᠡᠷᠡᠯ ᠵᠢᠷᠤᠭ ᠢᠶᠠᠷ ᠳᠠᠮᠵᠢᠨ ᠤᠩᠰᠢᠭᠴᠢ ᠤᠯᠠᠨ ᠳᠠᠭᠠᠨ ᠳᠠᠨᠢᠭᠤᠯᠤᠭᠰᠠᠨ ᠶᠤᠮ᠃
   ᠦᠨᠢᠷ ᠪᠠᠶᠠᠯᠢᠭ ᠲᠡᠦᠬᠡ ᠰᠤᠶᠤᠯ ᠤᠨ ᠦᠪ ᠢ ᠶᠢᠷᠳᠢᠨᠴᠦ ᠶᠢᠨ ᠬᠠᠷᠠᠭᠠᠨ ᠳᠤ ᠳᠤᠯᠢᠯᠠᠭᠤᠯᠵᠤ ᠴᠢᠳᠠᠭᠰᠠᠨ ᠤᠷᠠᠨ ᠬᠠᠳᠬᠤᠮᠠᠯ ᠤᠨ ᠡᠨᠡᠬᠦ ᠨᠤᠮ ᠠᠴᠠ ᠤᠷᠳᠤᠰ ᠨᠤᠳᠤᠭ ᠤᠨ ᠠᠷᠠᠳ ᠲᠦᠮᠡᠨ ᠤ ᠠᠮᠢᠳᠤᠷᠠᠯ ᠦᠢᠯᠡᠳᠪᠦᠷᠢᠯᠡᠯ ᠤᠨ ᠬᠡᠪ ᠨᠠᠮᠪᠠ᠂ ᠪᠠᠶᠢᠭᠠᠯᠢ ᠠᠬᠤᠢ᠂ ᠰᠤᠶᠤᠯ ᠤᠷᠠᠯᠢᠭ᠂ ᠵᠠᠩ ᠵᠠᠩᠰᠢᠯ᠂ ᠤᠶᠤᠨ ᠤᠬᠠᠭᠠᠨ᠂ ᠠᠪᠢᠶᠠᠰ ᠪᠢᠯᠢᠭ᠌᠂ ᠬᠠᠶᠢᠷ᠎ᠡ ᠰᠡᠳᠬᠢᠯᠭᠡ ᠵᠡᠷᠭᠡ ᠶᠢ ᠤᠢᠢᠯᠠᠭᠠᠵᠤ ᠪᠤᠯᠳᠠᠭ᠃ ᠤᠷᠠᠨ ᠬᠠᠳᠬᠤᠮᠠᠯ ᠨᠢ ᠤᠷᠳᠤᠰ ᠮᠤᠩᠭᠤᠯ ᠪᠦᠰᠡᠭᠦ᠋ᠢᠴᠤᠳ ᠤᠨ ᠦᠶ᠎ᠡ ᠶᠢᠨ ᠦᠶ᠎ᠡ ᠤᠯᠠᠮᠵᠢᠯᠠᠭᠰᠠᠭᠠᠷ ᠢᠷᠡᠭᠰᠡᠨ ᠦᠨᠳᠦᠰᠦᠳᠡᠨ ᠤ ᠲᠡᠦᠬᠡ ᠰᠤᠶᠤᠯ ᠤᠨ ᠤᠬᠢ ᠰᠤᠳᠤᠨ ᠪᠤᠯᠬᠤ ᠪᠦᠬᠡᠳ ᠮᠤᠩᠭᠤᠯ ᠦᠨᠳᠦᠰᠦᠳᠡᠨ ᠤ ᠪᠤᠳᠠᠰ ᠤᠨ ᠪᠤᠰᠤ ᠰᠤᠶᠤᠯ ᠤᠨ ᠨᠠᠨᠳᠢᠨ ᠦᠪ ᠪᠤᠯᠤᠨ᠎ᠠ᠃
     ᠢᠷᠡᠯᠳᠡ᠄ ᠠᠷᠠᠳ ᠤᠨ ᠰᠦᠯᠵᠢᠶ᠎ᠡ

ᠢᠷᠡᠯᠳᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡ ᠨᠧᠲ

新书发行—— “鄂日多斯蒙古刺绣”

说起刺绣,人们马上会联想到江南的绣女,可是大家却不知道,生长在内蒙古大草原上的鄂日多斯蒙古族妇女,她们同样心灵手巧,不但能牧羊牧马,令人难以想到的是她们还是刺绣的高手,她们有着高超的刺绣手艺。 传统的蒙古袍上的刺绣图案 传统的蒙古袍上的刺…

Posted in ᠨᠤᠮ ᠳ᠋ᠤ ᠮᠦᠷᠭᠦᠶ᠎ᠡ |好书推荐 and tagged .