ᠪᠠᠢ ᠰᠢᠶᠠᠩ ᠴᠢᠶᠦ᠋ᠨ ᠦᠪᠤᠷ ᠮᠤᠩᠭᠤᠯ ᠤᠨ ᠬᠦᠯ ᠪᠦᠮᠪᠦᠭᠡ ᠶᠢᠨ·白向群副主席调研内蒙古足球频道运营工作

ᠪᠠᠢ ᠰᠢᠶᠠᠩ ᠴᠢᠶᠦ᠋ᠨ ᠦᠪᠤᠷ ᠮᠤᠩᠭᠤᠯ ᠤᠨ ᠬᠦᠯ ᠪᠦᠮᠪᠦᠭᠡ ᠶᠢᠨ ᠰᠫᠦᠷᠲ ᠤᠨ ᠰᠤᠪᠠᠬ ᠲᠤ ᠪᠠᠶᠢᠴᠠᠭᠠᠨ ᠰᠤᠳᠤᠯᠤᠯᠳᠠ ᠬᠢᠵᠡᠢ

ᠣᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠠᠢ ᠰᠢᠶᠠᠩ ᠴᠢᠶᠦ᠋ᠨ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠲᠠᠭᠠᠭᠤᠯᠵᠤ ᠦᠪᠤᠷ ᠮᠤᠩᠭᠤᠯ ᠤᠨ ᠷᠡᠳᠢᠣ᠋ ᠲᠧᠯᠸᠢᠰ ᠤᠨ ᠰᠦᠯᠵᠢᠶᠠᠨ ᠤ ᠪᠦᠯᠦᠭᠯᠡᠯ ᠤᠨ ᠡᠷᠬᠢᠯᠡᠭᠰᠡᠨ ᠦᠪᠤᠷ ᠮᠤᠩᠭᠤᠯ ᠤᠨ ᠬᠦᠯ ᠪᠦᠮᠪᠦᠭᠡ ᠶᠢᠨ ᠰᠫᠦᠷᠲ ᠤᠨ ᠰᠤᠪᠠᠬ ᠲᠤ ᠪᠠᠶᠢᠴᠠᠭᠠᠨ ᠰᠤᠳᠤᠯᠤᠯᠳᠠ ᠬᠢᠬᠦ ᠶᠢᠨ ᠳᠠᠭᠠᠤ ᠶᠠᠷᠢᠯᠴᠠᠬᠤ ᠬᠤᠷᠠᠯ ᠬᠢᠵᠠᠢ᠃ ᠪᠠᠢ ᠰᠢᠶᠠᠩ ᠴᠢᠶᠦ᠋ᠨ᠂ ᠤᠷᠢᠳ ᠬᠤᠵᠢᠳ ᠦᠪᠤᠷ ᠮᠤᠩᠭᠤᠯ ᠤᠨ ᠬᠦᠯ ᠪᠦᠮᠪᠦᠭᠡ ᠶᠢᠨ ᠰᠫᠦᠷᠲ ᠤᠨ ᠰᠤᠪᠠᠬ ᠤᠨ ᠶᠠᠷᠤᠩᠬᠡᠢ ᠨᠠᠶᠢᠷᠠᠭᠤᠯᠬᠤ ᠬᠡᠯᠳᠡᠰ᠂ ᠰᠤᠨᠢᠨ ᠮᠡᠳᠡᠬᠡᠨ ᠤ ᠰᠤᠷᠪᠤᠯᠵᠢᠯᠠᠨ ᠨᠠᠶᠢᠷᠠᠭᠤᠯᠬᠤ ᠲᠦᠪ᠂ ᠤᠷᠤᠯᠳᠤᠭᠠᠨ ᠤ ᠶᠠᠪᠤᠳᠠᠯ ᠤᠨ ᠤᠢᠢᠯᠡᠳᠬᠦ ᠲᠦᠪ ᠵᠡᠷᠬᠡ ᠰᠠᠯᠠᠭ᠎ᠠ ᠮᠦᠴᠢᠷ ᠢᠶᠠᠷ ᠪᠠᠶᠢᠴᠠᠭᠠᠨ ᠰᠤᠳᠤᠯᠤᠯᠳᠠ ᠬᠢᠵᠤ᠂ ᠰᠤᠷᠪᠤᠯᠵᠢᠯᠠᠬᠤ᠂ ᠨᠠᠶᠢᠷᠠᠭᠤᠯᠬᠤ᠂ ᠨᠡᠪᠳᠡᠷᠡᠬᠦᠯᠬᠦ ᠴᠤᠪᠤᠷᠠᠯ ᠢ ᠤᠢᠢᠯᠠᠭᠠᠪᠠ᠃
  ᠪᠠᠢ ᠰᠢᠶᠠᠩ ᠴᠢᠶᠦ᠋ᠨ᠂ ᠦᠪᠤᠷ ᠮᠤᠩᠭᠤᠯ ᠤᠨ ᠬᠦᠯ ᠪᠦᠮᠪᠦᠭᠡ ᠶᠢᠨ ᠰᠫᠦᠷᠲ ᠤᠨ ᠰᠤᠪᠠᠬ ᠤᠨ ᠠᠵᠢᠯ ᠢ ᠬᠦᠢᠴᠡᠳ ᠨᠤᠳᠠᠯᠠᠵᠤ᠂ ᠲᠡᠷᠡᠴᠢᠯᠠᠨ ᠢᠷᠡᠬᠡᠳᠤᠢ ᠶᠢᠨ ᠬᠦᠭᠵᠢᠯᠳᠠ ᠳᠤ ᠰᠠᠨᠠᠭᠤᠯᠭ᠎ᠠ ᠲᠤᠷᠠᠳᠴᠠᠢ᠃ ᠲᠡᠷᠡ᠂ ᠬᠦᠯ ᠪᠦᠮᠪᠦᠭᠡ ᠶᠢᠨ ᠰᠫᠦᠷᠲ ᠤᠨ ᠰᠤᠪᠠᠬ ᠤᠨ ᠬᠢᠨ ᠫᠷᠦᠭᠷᠡᠮ ᠤᠨ ᠶᠠᠰᠤ ᠴᠢᠨᠠᠷ ᠢᠶᠠᠨ ᠠᠯᠬᠤᠮ ᠠᠯᠬᠤᠮ ᠢᠶᠠᠷ ᠲᠡᠭᠡᠭᠰᠢᠯᠡᠬᠦᠯᠵᠤ᠂ ᠪᠠᠶ᠎ᠠ ᠶᠢᠨ ᠲᠠᠮᠢᠷ ᠤᠨ ᠤᠢᠢᠯᠡᠰ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠢᠨ᠎ᠠ ᠵᠠᠭᠤᠴᠢᠯᠠᠭᠤᠷ ᠤᠨ ᠪᠠᠶᠢᠭᠤᠯᠤᠯᠳᠠ ᠶᠢ ᠰᠠᠶᠢᠳᠤᠷ ᠬᠢᠵᠤ᠂ ᠦᠪᠤᠷ ᠮᠤᠩᠭᠤᠯ ᠤᠨ ᠬᠦᠯ ᠪᠦᠮᠪᠦᠭᠡ ᠶᠢᠨ ᠰᠫᠦᠷᠲ ᠤᠨ ᠦᠯᠢᠬᠡᠷ ᠢ ᠰᠠᠶᠢᠬᠠᠨ ᠶᠠᠷᠢᠬᠤ ᠶᠢ ᠬᠦᠰᠡᠨ ᠨᠠᠶᠢᠳᠠᠪᠠ᠃ ᠡᠬᠦᠨ ᠤ ᠬᠠᠮᠳᠤ᠂ ᠵᠠᠬ᠎ᠠ ᠲᠡᠯᠬᠡᠬᠦᠷᠵᠢᠯᠳᠠ ᠶᠢᠨ ᠡᠵᠡᠩᠨᠡᠯᠳᠠ ᠶᠢᠨ ᠡᠷᠴᠢᠮ ᠢ ᠴᠢᠩᠭᠠᠷᠠᠭᠤᠯᠵᠤ᠂ ᠤᠯᠤᠰ ᠤᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠶᠠᠷᠤᠩᠬᠡᠢ ᠲᠤᠪᠴᠢᠶ᠎ᠠ ᠯᠤᠭ᠎ᠠ ᠵᠤᠯᠭᠠᠭᠤᠯᠬᠤ ᠶᠢ ᠰᠠᠶᠢᠳᠤᠷ ᠬᠢᠵᠤ᠂ ᠨᠡᠩ ᠤᠯᠠᠨ ᠲᠡᠮᠵᠢᠯᠬᠡ ᠶᠢ ᠤᠯᠵᠤ᠂ ᠦᠪᠤᠷ ᠮᠤᠩᠭᠤᠯ ᠤᠨ ᠬᠦᠯ ᠪᠦᠮᠪᠦᠭᠡ ᠶᠢᠨ ᠰᠫᠦᠷᠲ ᠤᠨ ᠰᠤᠪᠠᠬ ᠤᠨ ᠲᠠᠮᠵᠢᠭᠤᠯᠬᠤ ᠬᠡᠪᠴᠢᠶ᠎ᠠ ᠶᠢ ᠪᠦᠬᠦ ᠤᠯᠤᠰ ᠤᠨ ᠬᠡᠪᠴᠢᠶᠠᠨ ᠳᠤ ᠦᠷᠬᠡᠳᠬᠡᠬᠦ ᠭᠡᠷᠡᠭᠳᠠᠢ ᠬᠡᠵᠤ ᠢᠯᠡᠳᠬᠡᠪᠡ᠃
  ᠢᠷᠡᠯᠲᠡ:ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ

白向群副主席调研内蒙古足球频道运营工作

近日,自治区副主席白向群来到内蒙古广电网络集团 、内蒙古足球频道调研工作。在内蒙古足球频道总编室、新闻采编中心、赛事制作中心等部门,白向群副主席详细了解了采、编、播流程,并参观了内蒙古广电网络集团产品展示厅。
  在内蒙古足球频道未来发展建设座谈会上,内蒙古广播电视网络集团公司党委书记、董事长、总经理付海波和内蒙古足球频道负责人分别汇报了工作。白向群副主席对内蒙古足球频道的工作成绩给予肯定,并对未来的发展提出建议。他表示,希望足球频道逐步提升节目质量,主动融入体育产业,做好新媒体建设,讲好内蒙古足球故事,努力将内蒙古足球频道传输范围扩展至全国。
      来源:内蒙古新闻网

Posted in ᠤᠷᠤᠯᠳᠤᠭᠠᠨ ᠨᠠᠭᠠᠳᠤᠮ| 赛事赛况 and tagged .