ᠰᠦᠯᠵᠢᠶᠡᠨ ᠡᠴᠡ ᠬᠤᠳᠠᠯᠳᠤᠨ ᠠᠪᠤᠭᠰᠠᠨ ᠲᠠᠧᠠᠷ ᠢ ᠢᠶᠠᠨ ᠪᠤᠴᠠᠭᠠᠬᠤ《ᠳᠣᠯᠣᠭᠠᠨ ·今起网购商品7天无理由退货

ᠰᠦᠯᠵᠢᠶᠡᠨ ᠡᠴᠡ ᠬᠤᠳᠠᠯᠳᠤᠨ ᠠᠪᠤᠭᠰᠠᠨ ᠲᠠᠧᠠᠷ ᠢ ᠢᠶᠠᠨ ᠪᠤᠴᠠᠭᠠᠬᠤ《ᠳᠣᠯᠣᠭᠠᠨ ᠡᠳᠦᠷ》 ᠦᠨ ᠬᠤᠭᠤᠴᠠᠭ᠎ᠠ ᠶᠢ ᠠᠩᠬ᠎ᠠ ᠲᠣᠳᠣᠷᠬᠠᠢ ᠲᠣᠭᠲᠠᠭᠠᠪᠠ

3ᠰᠠᠷ᠎ᠠ ᠶᠢᠨ 15 ᠦ ᠡᠳᠦᠷ ᠡᠴᠡ ᠡᠬᠢᠯᠡᠨ ᠂ ᠰᠦᠯᠵᠢᠶᠡᠨ ᠡᠴᠡ ᠪᠠᠷᠠᠭ᠎ᠠ ᠬᠤᠳᠠᠯᠳᠤᠨ ᠠᠪᠳᠠᠭ ᠬᠡᠷᠡᠭᠯᠡᠭᠴᠢᠳ ᠪᠠᠰᠠ ᠢᠯᠡᠭᠦᠦ ᠨᠢᠭᠡ ᠲᠠᠪᠬᠤᠷ ᠪᠠᠲᠤᠯᠠᠭ᠎ᠠ ᠲᠠᠢ ᠪᠣᠯᠣᠭᠰᠠᠨ ᠪᠠᠢᠨ᠎ᠠ ᠃ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠡᠴᠠ ᠨᠡᠢᠲᠡᠯᠡᠭᠰᠡᠨ 《ᠰᠦᠯᠵᠢᠶᠡᠨ ᠲᠡᠭᠡᠷ᠎ᠡ ᠡᠴᠡ ᠬᠤᠳᠠᠯᠳᠤᠨ ᠠᠪᠤᠭᠰᠠᠨ ᠲᠠᠧᠠᠷ ᠢ ᠳᠣᠯᠣᠭᠠᠨ ᠡᠳᠦᠷ ᠦᠨ ᠳᠣᠲᠣᠷ᠎ᠠ ᠤᠴᠢᠷ ᠰᠢᠯᠲᠠᠭᠠᠨ ᠦᠭᠡᠢ ᠢᠶᠠᠷ ᠪᠤᠴᠠᠭᠠᠬᠤ ᠲᠤᠬᠠᠢ ᠲᠦᠷ ᠬᠡᠷᠡᠭᠵᠢᠭᠦᠯᠬᠦ ᠠᠷᠭ᠎ᠠ 》(ᠳᠣᠷᠣᠭᠰᠢ《ᠠᠷᠭ᠎ᠠ》ᠬᠡᠮᠡᠨ ᠲᠣᠪᠴᠢᠯᠠᠨ᠎ᠠ)ᠶᠢ ᠵᠢᠩᠬᠢᠨᠢ ᠪᠡᠷ ᠬᠡᠷᠡᠭᠵᠢᠭᠦᠯᠪᠡ ᠃
 ᠲᠣᠣᠷ ᠰᠦᠯᠵᠢᠶᠡᠨ ᠲᠡᠭᠡᠷ᠎ᠡ ᠲᠠᠧᠠᠷ ᠪᠣᠷᠣᠯᠠᠭᠤᠯᠤᠭᠴᠢ ᠲᠠᠧᠠᠷ ᠢ ᠳᠣᠯᠣᠭᠠᠨ ᠡᠳᠦᠷ ᠦᠨ ᠳᠣᠲᠣᠷ᠎ᠠ ᠤᠴᠢᠷ ᠰᠢᠯᠲᠠᠭᠠᠨ  ᠦᠭᠡᠢ ᠪᠡᠷ ᠪᠤᠴᠠᠭᠠᠬᠤ ᠡᠭᠦᠷᠭᠡ ᠪᠡᠨ ᠬᠠᠥᠯᠢ ᠶᠣᠰᠣᠭᠠᠷ ᠭᠦᠢᠴᠡᠳᠬᠡᠬᠦ ᠬᠡᠷᠡᠭᠲᠡᠢ ᠬᠡᠮᠡᠨ《ᠠᠷᠭ᠎ᠠ》ᠳ᠋ᠤ ᠲᠣᠭᠲᠠᠭᠠᠵᠠᠢ ᠃ ᠡᠭᠦᠨ ᠦ ᠬᠠᠮᠲᠤ ᠪᠠᠰᠠ《ᠳᠣᠯᠣᠭᠠᠨ ᠡᠳᠦᠷ ᠦᠨ ᠳᠣᠲᠣᠷ᠎ᠠ ᠤᠴᠢᠷ ᠰᠢᠯᠲᠠᠭᠠᠨ ᠦᠭᠡᠢ ᠪᠡᠷ ᠪᠤᠴᠠᠭᠠᠬᠤ》ᠲᠣᠭᠲᠠᠭᠠᠯ ᠳ᠋ᠤ ᠵᠣᠬᠢᠴᠠᠬᠤ ᠦᠭᠡᠢ ᠠᠭᠤᠯᠭ᠎ᠠ ᠶᠢ ᠲᠣᠳᠣᠷᠬᠠᠢᠯᠠᠭᠰᠠᠨ ᠪᠠᠢᠨ᠎ᠠ ᠃
 《ᠠᠷᠭ᠎ᠠ》 ᠶᠢᠨ ᠲᠣᠭᠲᠠᠭᠠᠯ ᠢ ᠦᠨᠳᠦᠰᠦᠯᠡᠪᠡᠯ ᠂ ᠲᠣᠣᠷ ᠰᠦᠯᠵᠢᠶᠡᠨ ᠲᠡᠭᠡᠷ᠎ᠡ ᠲᠠᠧᠠᠷ ᠪᠣᠷᠣᠯᠠᠭᠤᠯᠤᠭᠴᠢ ᠲᠠᠧᠠᠷ ᠢ ᠳᠣᠯᠣᠭᠠᠨ ᠡᠳᠦᠷ ᠦᠨ ᠳᠣᠲᠣᠷ᠎ᠠ ᠤᠴᠢᠷ ᠰᠢᠯᠲᠠᠭᠠᠨ ᠦᠭᠡᠢ ᠪᠡᠷ ᠪᠤᠴᠠᠭᠠᠬᠤ ᠡᠭᠦᠷᠭᠡ ᠪᠡᠨ ᠬᠠᠥᠯᠢ ᠶᠣᠰᠣᠭᠠᠷ ᠭᠦᠢᠴᠡᠳᠬᠡᠬᠦ ᠬᠡᠷᠡᠭᠲᠡᠢ ᠃ ᠰᠦᠯᠵᠢᠶᠡᠨ ᠲᠡᠭᠡᠷ᠎ᠡ ᠠᠷᠠᠯᠵᠢᠶᠠᠨ ᠤ ᠲᠡᠪᠴᠡᠩ ᠬᠠᠩᠭᠠᠭᠴᠢ ᠲᠡᠪᠴᠡᠩ ᠲᠡᠭᠡᠷᠡᠬᠢ ᠲᠠᠧᠠᠷ ᠤᠨ ᠪᠣᠷᠣᠯᠠᠭᠤᠯᠤᠭᠴᠢ ᠲᠠᠧᠠᠷ ᠢ《ᠳᠣᠯᠣᠭᠠᠨ ᠡᠳᠦᠷ ᠦᠨ ᠳᠣᠲᠣᠷ᠎ᠠ ᠤᠴᠢᠷ ᠰᠢᠯᠲᠠᠭᠠᠨ ᠦᠭᠡᠢ ᠪᠡᠷ ᠪᠤᠴᠠᠭᠠᠬᠤ 》ᠡᠭᠦᠷᠭᠡ ᠪᠡᠨ ᠭᠦᠢᠴᠡᠳᠬᠡᠬᠦ ᠶᠢ ᠬᠦᠲᠦᠯᠦᠨ ᠵᠢᠯᠤᠭᠤᠳᠬᠤ ᠪᠠ ᠰᠢᠪᠠᠳᠠᠵᠤ ᠂ ᠬᠢᠨᠠᠯᠲᠠ ᠲᠠᠯᠪᠢᠨ ᠪᠠᠢᠴᠠᠭᠠᠬᠤ ᠶᠢᠨ ᠬᠠᠮᠲᠤ ᠂ ᠮᠡᠷᠭᠡᠵᠢᠯ ᠦᠨ ᠪᠠᠲᠤᠯᠠᠭ᠎ᠠ ᠬᠠᠩᠭᠠᠬᠤ ᠬᠡᠷᠡᠭᠲᠡᠢ ᠃
 ᠲᠤᠰ ᠤᠳᠠᠭᠠᠨ ᠤ《ᠠᠷᠭ᠎ᠠ》ᠳ᠋ᠤ ᠪᠠᠰᠠ《ᠳᠣᠯᠣᠭᠠᠨ ᠡᠳᠦᠷ ᠦᠨ ᠳᠣᠲᠣᠷ᠎ᠠ ᠤᠴᠢᠷ ᠰᠢᠯᠲᠠᠭᠠᠨ  ᠦᠭᠡᠢ ᠪᠡᠷ ᠪᠤᠴᠠᠭᠠᠬᠤ》ᠲᠣᠭᠲᠠᠭᠠᠯ ᠳ᠋ᠤ ᠵᠣᠬᠢᠴᠠᠬᠤ ᠦᠭᠡᠢ ᠠᠭᠤᠯᠭ᠎ᠠ ᠶᠢ ᠲᠣᠳᠣᠷᠬᠠᠢᠯᠠᠭᠰᠠᠨ ᠪᠠᠢᠨ᠎ᠠ ᠃ ᠲᠤᠬᠠᠢᠯᠠᠪᠠᠯ ᠄ ᠬᠡᠷᠡᠭᠯᠡᠭᠴᠢᠳᠵᠠᠬᠢᠶᠠᠯᠠᠭ᠎ᠠ ᠪᠠᠷ ᠬᠢᠯᠭᠡᠭᠰᠡᠨ ᠲᠠᠧᠠᠷ᠃ ᠠᠮᠢᠳᠤ ᠰᠣᠷᠭᠣᠭ ᠠᠮᠠᠷᠬᠠᠨ ᠢᠯᠵᠢᠷᠡᠳᠡᠭ ᠲᠠᠧᠠᠷ᠃ ᠰᠦᠯᠵᠢᠶᠡᠨ ᠡᠴᠡ ᠪᠠᠭᠤᠯᠭᠠᠭᠰᠠᠨ ᠪᠤᠶᠤ ᠬᠡᠷᠡᠭᠯᠡᠭᠴᠢᠳ ᠪᠢᠲᠡᠭᠦᠮᠵᠢ ᠶᠢ ᠨᠢᠭᠡᠨᠲᠡ ᠵᠠᠳᠠᠯᠤᠭᠰᠠᠨ ᠲᠠᠭᠤᠤ ᠳᠦᠷᠰᠦ ᠰᠢᠩᠭᠡᠭᠡᠯᠲᠡ ᠶᠢᠨ ᠦᠢᠯᠡᠳᠬᠦᠨ ᠂ ᠺᠣᠮᠫᠢᠦᠲ᠋ᠧᠷ ᠤᠨ ᠵᠦᠭᠡᠯᠡᠨ ᠬᠡᠷᠡᠭᠰᠡᠯ ᠵᠡᠷᠭᠡ ᠲᠣᠭᠠᠴᠠᠯᠠᠭᠰᠠᠨ ᠲᠠᠧᠠᠷ ᠃ ᠲᠤᠰᠢᠶᠠᠭᠰᠠᠨ ᠰᠣᠨᠢᠨ ᠂ ᠬᠤᠭᠤᠴᠠᠭᠠᠲᠤ ᠰᠡᠳᠬᠦᠯ ᠵᠡᠷᠭᠡ ᠃
 ᠡᠭᠦᠨ ᠡᠴᠡ ᠭᠠᠳᠠᠨ᠎ᠠ ᠂ ᠳᠣᠣᠷ᠎ᠠ ᠵᠢᠭᠰᠠᠭᠠᠭᠰᠠᠨ ᠰᠢᠨᠵᠢ ᠴᠢᠨᠠᠷ ᠲᠠᠢ ᠲᠠᠧᠠᠷ ᠢ ᠬᠡᠷᠡᠭᠯᠡᠭᠴᠢᠳ ᠬᠤᠳᠠᠯᠳᠤᠨ ᠠᠪᠬᠤ ᠳ᠋ᠤ ᠂《ᠳᠣᠯᠣᠭᠠᠨ ᠡᠳᠦᠷ ᠦᠨ ᠳᠣᠲᠣᠷ᠎ᠠ ᠤᠴᠢᠷ ᠰᠢᠯᠲᠠᠭᠠᠨ ᠦᠭᠡᠢ ᠢᠶᠠᠷ ᠪᠤᠴᠠᠭᠠᠬᠤ》ᠲᠣᠭᠲᠠᠭᠠᠯ ᠢ ᠬᠡᠷᠡᠭᠯᠡᠬᠦ ᠦᠭᠡᠢ ᠪᠠᠢᠵᠤ ᠪᠣᠯᠣᠨ᠎ᠠ ᠄ᠪᠤᠭᠤᠳᠠᠯ ᠪᠠᠭᠯᠠᠭ᠎ᠠ ᠶᠢ ᠨᠢ ᠵᠠᠳᠠᠯᠤᠭᠰᠠᠨ ᠤ ᠲᠠᠷᠠᠭ᠎ᠠ ᠬᠦᠮᠦᠨ ᠦ ᠪᠡᠶ᠎ᠡ ᠶᠢᠨ ᠠᠮᠤᠷ ᠲᠦᠪᠰᠢᠨ ᠪᠤᠶᠤ ᠠᠮᠢ ᠨᠠᠰᠤ ᠡᠷᠡᠭᠦᠯ ᠮᠡᠨᠳᠦ ᠶᠢ ᠨᠦᠯᠦᠭᠡᠯᠡᠬᠦ ᠲᠠᠧᠠᠷ ᠂ ᠡᠰᠡᠪᠡᠯ ᠪᠤᠭᠤᠳᠠᠯ ᠪᠠᠭᠯᠠᠭ᠎ᠠ ᠶᠢ ᠨᠢ ᠵᠠᠳᠠᠯᠤᠭᠰᠠᠨ ᠤ ᠲᠠᠷᠠᠭ᠎ᠠ ᠬᠢᠯᠪᠠᠷᠬᠠᠨ ᠶᠠᠰᠦ ᠴᠢᠨᠠᠷ ᠲᠤ ᠨᠢ ᠬᠤᠪᠢᠷᠠᠯᠲᠠ ᠭᠠᠷᠳᠠᠭ ᠲᠠᠧᠠᠷ ᠃ ᠢᠳᠡᠪᠬᠢᠵᠢᠭᠦᠯᠬᠦ ᠪᠤᠶᠤ ᠲᠤᠷᠰᠢᠨ ᠬᠡᠷᠡᠭᠯᠡᠭᠰᠡᠨ ᠦ ᠲᠠᠷᠠᠭ᠎ᠠ ᠥᠷᠲᠡᠭ ᠨᠢ ᠶᠡᠬᠡᠪᠡᠷ ᠪᠠᠭᠤᠷᠠᠬᠤ ᠲᠠᠧᠠᠷ ᠃ ᠪᠣᠷᠣᠯᠠᠭᠤᠯᠬᠤ ᠦᠶ᠎ᠡ ᠳ᠋ᠦ ᠪᠡᠨ ᠴᠢᠨᠠᠷ ᠢ ᠪᠠᠲᠤᠯᠠᠬᠤ ᠬᠤᠭᠤᠴᠠᠭ᠎ᠠ ᠨᠢ ᠲᠤᠯᠬᠤ ᠣᠢᠷᠠᠲᠤᠭᠰᠠᠨ ᠪᠤᠶᠤ ᠰᠡᠪ  ᠲᠠᠢ ᠶᠢ ᠲᠣᠳᠣᠷᠬᠠᠢ ᠢᠯᠡᠷᠬᠡᠢᠯᠡᠭᠰᠡᠨ ᠲᠠᠧᠠᠷ ᠵᠡᠷᠭᠡ ᠃
 《ᠠᠷᠭ᠎ᠠ》ᠳ᠋ᠤ ᠪᠠᠰᠠ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠲᠦᠷᠢᠮᠵᠢᠲᠦ ᠬᠦᠳᠡᠯᠭᠡᠭᠡᠨ ᠂ ᠴᠠᠭ ᠬᠤᠭᠤᠴᠠᠭ᠎ᠠ ᠂ ᠰᠠᠭᠠᠲᠠᠭᠰᠠᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠶᠢᠨ ᠬᠠᠮᠲᠤ ᠤᠴᠢᠷ ᠰᠢᠯᠲᠠᠭᠠᠨ ᠦᠭᠡᠢ ᠪᠡᠷ ᠲᠠᠧᠠᠷ ᠢ ᠪᠤᠴᠠᠭᠠᠬᠤ ᠬᠡᠷᠡᠭᠯᠡᠭᠴᠢᠳ ᠲᠠᠧᠠᠷ ᠢ ᠣᠯᠣᠭᠰᠠᠨ ᠡᠳᠦᠷ ᠡᠴᠡ ᠡᠬᠢᠯᠡᠨ ᠳᠣᠯᠣᠭᠠᠨ ᠡᠳᠦᠷ ᠦᠨ ᠳᠣᠲᠣᠷ᠎ᠠ ᠰᠦᠯᠵᠢᠶ᠎ᠡ ᠪᠡᠷ ᠲᠠᠮᠵᠢᠨ ᠲᠠᠧᠠᠷ ᠪᠣᠷᠣᠯᠠᠭᠤᠯᠤᠭᠴᠢ ᠳ᠋ᠤ ᠪᠤᠴᠠᠭᠠᠬᠤ ᠮᠡᠳᠡᠭᠳᠡᠯ ᠭᠠᠷᠭᠠᠬᠤ ᠬᠡᠷᠡᠭᠲᠡᠢ ᠬᠡᠮᠡᠨ ᠲᠣᠭᠲᠠᠭᠠᠵᠠᠢ ᠃ ᠳᠣᠯᠣᠭᠠᠨ ᠡᠳᠦᠷ  ᠦᠨ ᠬᠤᠭᠤᠴᠠᠭ᠎ᠠ ᠶᠢ ᠬᠡᠷᠡᠭᠯᠡᠭᠴᠢ ᠭᠠᠷ ᠤᠨ ᠦᠰᠦᠭ ᠵᠢᠷᠤᠵᠤ ᠲᠠᠧᠠᠷ ᠢ ᠬᠤᠷᠢᠶᠠᠭᠰᠠᠨ ᠡᠳᠦᠷ ᠦᠨ ᠲᠠᠷᠠᠭ᠎ᠠ ᠡᠳᠦᠷ ᠡᠴᠡ ᠡᠬᠢᠯᠡᠨ ᠪᠣᠳᠣᠨ᠎ᠠ ᠃
 ᠰᠣᠷᠪᠤᠯᠵᠢᠯᠠᠭᠴᠢ ᠶᠢᠨ ᠣᠢᠯᠠᠭᠠᠭᠰᠠᠨ ᠢᠶᠠᠷ᠂ᠲᠤᠰ ᠤᠳᠠᠭ᠎ᠠ ᠨᠡᠢᠲᠡᠯᠡᠭᠰᠡᠨ《ᠠᠷᠭ᠎ᠠ》ᠳ᠋ᠤ ᠪᠠᠰᠠ᠂ ᠲᠠᠧᠠᠷ ᠤᠨ ᠪᠦᠷᠢᠨ ᠪᠦᠲᠦᠨ ᠪᠠᠢᠬᠤ ᠪᠠᠷᠢᠮᠵᠢᠶ᠎ᠠ ᠱᠠᠭᠠᠷᠳᠠᠯᠭ᠎ᠠ ᠶᠢ ᠲᠣᠳᠣᠷᠬᠠᠢᠯᠠᠵᠤ ᠂ ᠬᠡᠷᠡᠭᠯᠡᠭᠴᠢ ᠶᠢᠨ ᠪᠤᠴᠠᠭᠠᠭᠰᠠᠨ ᠲᠠᠧᠠᠷ ᠪᠦᠷᠢᠨ ᠪᠦᠲᠦᠨ ᠪᠠᠢᠬᠤ ᠶᠢ ᠱᠠᠭᠠᠷᠳᠠᠭᠰᠠᠨ ᠪᠠᠢᠨ᠎ᠠ ᠃ ᠲᠠᠧᠠᠷ ᠨᠢ ᠤᠤᠯ ᠤᠨ ᠴᠢᠨᠠᠷ ᠴᠢᠨᠰᠠᠭ᠎ᠠ ᠂ ᠴᠢᠳᠠᠮᠵᠢ ᠂ ᠲᠠᠧᠠᠷ ᠤᠨ ᠲᠤᠰ ᠪᠡᠶ᠎ᠡ ᠂ ᠰᠡᠯᠪᠢᠭᠡᠰᠦ ᠂ ᠲᠠᠧᠠᠷ ᠤᠨ ᠲᠡᠮᠳᠡᠭᠲᠦ ᠶᠢᠨ ᠢᠯᠡᠳᠬᠡᠮᠵᠢ ᠲᠡᠮᠳᠡᠭ ᠨᠢ ᠪᠦᠷᠢᠨ ᠭᠦᠢᠴᠡᠳ ᠪᠠᠢᠪᠠᠯ ᠲᠠᠧᠠᠷ ᠢ ᠪᠦᠷᠢᠨ ᠪᠦᠲᠦᠨ ᠪᠠᠢᠨ᠎ᠠ ᠭᠡᠵᠦ ᠦᠵᠡᠨ᠎ᠡ ᠃ ᠬᠡᠷᠡᠭᠯᠡᠭᠴᠢ ᠰᠢᠯᠭᠠᠨ ᠪᠠᠢᠴᠠᠭᠠᠬᠤ ᠬᠡᠷᠡᠭᠴᠡᠭᠡ ᠡᠴᠡ ᠪᠣᠯᠵᠤ ᠲᠠᠧᠠᠷ ᠤᠨ ᠪᠤᠭᠤᠳᠠᠯ ᠪᠠᠭᠯᠠᠭ᠎ᠠ ᠶᠢ ᠵᠠᠳᠠᠯᠤᠭᠰᠠᠨ ᠪᠤᠶᠤ ᠲᠠᠧᠠᠷ ᠤᠨ ᠴᠢᠨᠠᠷ ᠴᠢᠨᠰᠠᠭ᠎ᠠ ᠂ ᠴᠢᠳᠠᠮᠵᠢ ᠶᠢ ᠨᠣᠲᠠᠯᠠᠨ ᠲᠣᠭᠲᠠᠭᠠᠬᠤ ᠪᠠᠷ ᠵᠦᠢ ᠵᠣᠬᠢᠰᠲᠠᠢ ᠲᠣᠬᠢᠷᠠᠭᠤᠯᠤᠯᠲᠠ ᠬᠢᠬᠦ ᠨᠢ ᠲᠠᠧᠠᠷ ᠤᠨ ᠪᠦᠷᠢᠨ ᠪᠦᠲᠦᠨ ᠢ ᠨᠦᠯᠦᠭᠡᠯᠡᠬᠦ ᠦᠭᠡᠢ ᠃
 ᠡᠭᠦᠨ ᠡᠴᠡ ᠭᠠᠳᠠᠨ᠎ᠠ ᠂ ᠪᠦᠬᠦ ᠤᠯᠤᠰ ᠤᠨ 12315 ᠢᠨᠲ᠋ᠧᠷ ᠰᠦᠯᠵᠢᠶᠡᠨ ᠦ ᠲᠡᠪᠴᠡᠩ 15 ᠦ ᠡᠳᠦᠷ ᠵᠢᠩᠬᠢᠨᠢ ᠪᠡᠷ ᠰᠦᠯᠵᠢᠶᠡᠨ ᠳ᠋ᠦ ᠣᠷᠣᠨ ᠠᠵᠢᠯᠯᠠᠵᠠᠢ ᠂ ᠬᠡᠷᠡᠭᠯᠡᠭᠴᠢᠳ ᠲᠤᠰ ᠲᠡᠪᠴᠡᠩ ᠢᠶᠡᠷ ᠲᠠᠮᠵᠢᠨ ᠰᠢᠭᠤᠳ ᠰᠦᠯᠵᠢᠶᠡᠨ ᠦ ᠠᠷᠭ᠎ᠠ ᠵᠠᠮ ᠢᠶᠠᠷ ᠢᠯᠡᠴᠢᠯᠡᠨ ᠵᠠᠭᠠᠯᠳᠤᠵᠣ ᠪᠣᠯᠣᠨ᠎ᠠ ᠂ ᠦᠷ᠎ᠡ ᠳ᠋ᠦᠩ ᠢ ᠨᠢ ᠴᠦ ᠲᠤᠰ ᠲᠡᠪᠴᠡᠩ ᠡᠴᠡ ᠪᠠᠢᠴᠠᠭᠠᠨ ᠡᠷᠢᠵᠤ ᠪᠣᠯᠣᠨ᠎ᠠ ᠃
   ᠢᠷᠡᠯᠳᠡ᠄ ᠠᠷᠠᠳ ᠤᠨ ᠰᠦᠯᠵᠢᠶ᠎ᠡ

 

今起网购商品7天无理由退货

百姓网购将更有维权保障——从今天起,《网络购买商品七日无理由退货暂行办法》(以下简称《办法》)正式施行。
 国家工商总局公布《办法》,旨在保障《消费者权益保护法》七日无理由退货规定的实施,保护消费者合法权益,促进电子商务健康发展。根据《办法》规定,网络商品销售者应当依法履行七日无理由退货义务。网络交易平台提供者应当引导和督促平台上的网络商品销售者履行七日无理由退货义务,进行监督检查,并提供技术保障。
 《办法》以特别规定的方式明确:网络商品销售者应当在商品销售必经流程中设置显著的确认程序,供消费者对单次购买行为进行确认。如无确认,网络商品销售者不得拒绝七日无理由退货。同时,应当采取技术手段或者其他措施,对于不适用七日无理由退货的商品进行明确标注。
 《办法》明确规定三类商品经消费者在购买时确认,可以不适用七日无理由退货规定,即拆封后易影响人身安全或者生命健康的商品,或者拆封后易导致商品品质发生改变的商品;一经激活或者试用后价值贬损较大的商品;销售时已明示的临近保质期的商品、有瑕疵的商品。
 《办法》还规定了商品完好标准、退货程序、相应法律责任等。
   来源:互联网

 
Posted in ᠠᠮᠢᠳᠤᠷᠠᠯ ᠤᠨ ᠬᠠᠨᠢ|生活之友 and tagged .