ᠴᠥᠬᠡᠨ ᠲᠣᠭᠠᠲᠣ ᠦᠨᠳᠦᠰᠦᠲᠡᠨ ᠦ ᠲᠣᠰᠬᠠᠢ ᠮᠡᠷᠭᠡᠵᠢᠯ ᠦᠨ ᠴᠢᠳᠠᠪᠣᠷᠢᠲᠠᠨ ᠤ · 内蒙古今年计划培养100名少数民族专业技术人才

 

ᠴᠥᠬᠡᠨ ᠲᠣᠭᠠᠲᠣ ᠦᠨᠳᠦᠰᠦᠲᠡᠨ ᠦ ᠲᠣᠰᠬᠠᠢ ᠮᠡᠷᠭᠡᠵᠢᠯ ᠦᠨ ᠴᠢᠳᠠᠪᠣᠷᠢᠲᠠᠨ ᠤ ᠠᠵᠠ ᠵᠠᠪᠰᠢᠶᠠᠨ

ᠡᠨᠡ ᠵᠢᠯ ᠥᠪᠦᠷ ᠮᠣᠩᠭᠣᠯ ᠣᠷᠣᠨ ᠴᠥᠬᠡᠨ ᠲᠣᠭᠠᠲᠣ ᠦᠨᠳᠦᠰᠦᠲᠡᠨ ᠤ ᠲᠣᠰᠬᠠᠢ ᠮᠡᠷᠭᠡᠵᠢᠯ ᠦᠨ ᠴᠢᠳᠠᠪᠣᠷᠢᠲᠠᠨ ᠤ ᠣᠨᠴᠠᠭᠠᠢ ᠬᠦᠮᠤᠵᠢᠯ  ᠤᠨ ᠲᠥᠯᠦᠪᠯᠡᠭᠡ ᠪᠡᠨ ᠦᠷᠭᠦᠯᠵᠢᠯᠡᠨ ᠶᠠᠪᠣᠭᠳᠠᠭᠣᠯᠵᠣ ᠂ 2017ᠣᠨ ᠳ᠋ᠥ 100 ᠲᠣᠰᠬᠠᠢ ᠮᠡᠷᠭᠡᠵᠢᠯ ᠦᠨ ᠴᠢᠳᠠᠪᠣᠷᠢᠲᠠᠨ ᠢ ᠬᠥᠮᠦᠵᠢᠭᠦᠯᠬᠦ ᠪᠡᠷ ᠪᠠᠢᠨ᠎ᠠ ᠃
  ᠣᠢᠯᠭᠠᠭᠰᠠᠨ ᠢᠶᠠᠷ ᠂ ᠣᠨᠴᠠᠭᠠᠢ ᠬᠦᠮᠤᠵᠢᠯ ᠤᠨ ᠲᠥᠯᠦᠪᠯᠡᠭᠡ ᠪᠡᠷ ᠬᠦᠮᠦᠵᠢᠭᠦᠯᠬᠦ ᠰᠣᠷᠣᠭᠴᠢ ᠶᠢ ᠭᠣᠣᠯᠳᠠᠭᠣ ᠳᠣᠮᠳᠠ ᠲᠡᠭᠡᠳᠦ ᠲᠡᠰ ᠦᠨ ᠲᠣᠰᠬᠠᠢ ᠮᠡᠷᠭᠡᠵᠢᠯ ᠦᠨ ᠬᠢᠷᠢ ᠬᠡᠮ ᠪᠣᠶᠣ ᠶᠡᠬᠡ ᠰᠤᠷᠭᠠᠭᠤᠯᠢ ᠶᠢᠨ ᠵᠢᠩᠭᠢᠨᠢ ᠠᠩᠭᠢ ᠡᠴᠠ ᠲᠡᠭᠡᠭᠰᠢ ᠰᠣᠷᠣᠯᠭ᠎ᠠ ᠶᠢᠨ ᠨᠠᠮᠲᠠᠷ ᠲᠠᠢ ᠴᠥᠬᠡᠨ ᠲᠣᠭᠠᠳᠣ ᠦᠨᠳᠦᠰᠦᠲᠡᠨ ᠦ ᠲᠣᠰᠬᠠᠢ ᠮᠡᠷᠭᠡᠵᠢᠯ ᠦᠨ ᠴᠢᠳᠠᠪᠣᠷᠢᠲᠠᠨ ᠡᠴᠠ ᠰᠣᠩᠭᠣᠵᠣ ᠠᠪᠣᠨ᠎ᠠ ᠂ ᠭᠣᠣᠯᠳᠠᠭᠣ ᠰᠢᠨᠵᠢᠯᠡᠬᠦ ᠣᠬᠠᠭᠠᠨ ᠤ ᠬᠦᠭᠵᠢᠯᠲᠡ ᠪᠣᠯᠣᠨ ᠦᠪᠡᠷᠳᠡᠭᠡᠨ ᠰᠢᠨ᠎ᠡ ᠶᠢ ᠡᠭᠦᠳᠬᠦ ᠲᠣᠰᠬᠠᠢ ᠮᠡᠷᠭᠡᠵᠢᠯ ᠦᠨ ᠬᠦᠷᠢᠶ᠎ᠡ ᠬᠡᠪᠴᠢᠶ᠎ᠡ ᠂ ᠣᠨᠴᠠ ᠴᠢᠬᠣᠯᠠ ᠢᠨᠵᠧᠨᠧᠷᠢᠩ ᠦᠨ ᠲᠥᠷᠦᠯ ᠵᠦᠢᠯ ᠦᠨ ᠲᠣᠳᠣᠷᠠᠬᠢ ᠴᠦᠬᠡᠨ ᠲᠣᠭᠠᠳᠣ ᠦᠨᠳᠦᠰᠦᠲᠡᠨ ᠤ ᠲᠣᠰᠬᠠᠢ ᠮᠡᠷᠭᠡᠵᠢᠯ ᠦᠨ ᠴᠢᠳᠠᠪᠣᠷᠢᠲᠠᠨ ᠡᠴᠠ ᠠᠪᠣᠨ᠎ᠠ ᠃ ᠰᠣᠷᠭᠠᠨ ᠬᠥᠮᠦᠵᠢᠯ ᠂ ᠡᠷᠡᠭᠦᠯ ᠬᠠᠮᠠᠭᠠᠯᠠᠯ ᠂ ᠬᠦᠳᠡᠭᠡ ᠠᠵᠣ ᠠᠬᠣᠢ ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠵᠡᠷᠭᠡ ᠠᠵᠣ ᠠᠬᠣᠢ ᠶᠢᠨ ᠬᠦᠭᠵᠢᠯᠲᠡ ᠪᠣᠯᠣᠨ ᠨᠡᠢᠭᠡᠮ ᠦᠨ ᠪᠥᠲᠦᠭᠡᠨ ᠪᠠᠢᠭᠣᠯᠣᠯᠲᠠ ᠶᠢᠨ ᠬᠡᠪᠴᠢᠶᠡᠨ ᠳ᠋ᠥ ᠣᠨᠴᠠ ᠶᠡᠬᠡ ᠳᠣᠲᠠᠭᠳᠠᠵᠣ ᠪᠠᠢᠭ᠎ᠠ ᠲᠣᠰᠬᠠᠢ ᠮᠡᠷᠭᠡᠵᠢᠯ ᠦᠨ ᠴᠢᠳᠠᠪᠣᠷᠢᠲᠠᠨ ᠢ ᠪᠣᠰᠣᠳ ᠲᠣᠰᠬᠠᠢ ᠮᠡᠷᠭᠡᠵᠢᠯ ᠪᠣᠯᠣᠨ ᠬᠦᠷᠢᠶ᠎ᠡ ᠬᠡᠪᠴᠢᠶᠡᠨ  ᠤ ᠬᠦᠭᠵᠢᠯᠲᠡ ᠶᠢᠨ ᠲᠠᠯᠳᠠ ᠬᠦᠴᠦᠨ ᠲᠡᠢ ᠴᠥᠬᠡᠨ ᠲᠣᠭᠠᠲᠣ ᠦᠨᠳᠦᠰᠦᠲᠡᠨ ᠦ ᠰᠢᠯᠢᠳᠡᠭ ᠲᠣᠰᠬᠠᠢ ᠮᠡᠷᠭᠡᠵᠢᠯ ᠦᠨ ᠴᠢᠳᠠᠪᠣᠷᠢᠲᠠᠨ  ᠤ ᠳᠣᠮᠳᠠ ᠡᠴᠠ ᠰᠣᠩᠭᠣᠨ ᠠᠪᠴᠣ ᠂ ᠣᠷᠣᠨ ᠤ ᠭᠠᠳᠠᠨ᠎ᠠ ᠬᠦᠮᠦᠵᠢᠭᠦᠯᠬᠦ ᠪᠠ ᠣᠷᠣᠨ ᠤ ᠳᠣᠲᠣᠷ᠎ᠠ ᠪᠠᠨ ᠬᠦᠮᠦᠵᠢᠭᠦᠯᠬᠦ ᠬᠣᠶᠠᠷ ᠵᠦᠢᠯ ᠠᠷᠭ᠎ᠠ ᠬᠡᠯᠪᠡᠷᠢ ᠪᠡᠷ ᠬᠥᠮᠦᠵᠢᠭᠦᠯᠦᠨ᠎ᠡ ᠂ ᠣᠷᠣᠨ ᠤ ᠳᠣᠲᠣᠷ᠎ᠠ ᠭᠠᠳᠠᠨ᠎ᠠ ᠲᠣᠰ ᠲᠣᠰ 50 ᠬᠦᠮᠤᠨ ᠬᠥᠮᠦᠵᠢᠭᠦᠯᠦᠨ᠎ᠡ ᠃
  ᠴᠥᠬᠡᠨ ᠲᠣᠭᠠᠳᠣ ᠦᠨᠳᠦᠰᠦᠲᠡᠨ ᠦ ᠲᠣᠰᠬᠠᠢ ᠮᠡᠷᠭᠡᠵᠢᠯ ᠦᠨ ᠴᠢᠳᠠᠪᠣᠷᠢᠲᠠᠨ ᠤ ᠣᠨᠴᠠ ᠬᠦᠮᠤᠵᠢᠯ ᠤᠨ ᠲᠥᠯᠦᠪᠯᠡᠭᠡ ᠶᠢ ᠲᠣᠣᠱᠠᠯᠠᠭᠣᠯᠬᠤ ᠪᠣᠯ ᠥᠪᠦᠷ ᠮᠣᠩᠭᠣᠯ ᠣᠷᠣᠨ ᠤ ᠴᠢᠳᠠᠪᠣᠷᠢᠲᠠᠨ ᠢᠶᠠᠷ ᠣᠷᠣᠨ ᠢᠶᠠᠨ ᠬᠦᠴᠦᠷᠭᠡᠭᠵᠢᠭᠦᠯᠬᠦ ᠪᠠᠢᠯᠳᠣᠬᠣ ᠪᠣᠳᠣᠯᠭ᠎ᠠ ᠪᠣᠯᠣᠨ᠎ᠠ ᠃ ᠥᠪᠦᠷ ᠮᠣᠩᠭᠣᠯ ᠣᠷᠣᠨ ᠤ ᠴᠥᠬᠡᠨ ᠲᠣᠭᠠᠳᠣ ᠦᠨᠳᠦᠰᠦᠲᠡᠨ ᠦ ᠲᠣᠰᠬᠠᠢ ᠮᠡᠷᠭᠡᠵᠢᠯ ᠦᠨ ᠴᠢᠳᠠᠪᠣᠷᠢᠲᠠᠨ ᠤ ᠡᠩᠨᠡᠭᠡᠨ ᠦ ᠬᠡᠪ ᠴᠢᠨᠠᠷ ᠢ ᠲᠡᠭᠡᠭᠰᠢᠯᠡᠭᠦᠯᠬᠦ ᠶᠢᠨ ᠭᠣᠣᠯ ᠠᠭᠣᠯᠭ᠎ᠠ ᠪᠣᠯᠣᠨ᠎ᠠ ᠃ ᠣᠷᠣᠨ ᠤ ᠭᠠᠳᠠᠨ᠎ᠠ ᠬᠥᠮᠦᠵᠢᠭᠦᠯᠬᠦ ᠳ᠋ᠥ ᠣᠷᠣᠨ ᠤ ᠰᠢᠭᠣᠳᠬᠠᠷᠢᠶ᠎ᠠ ᠪᠠᠢᠭᠣᠯᠭ᠎ᠠ ᠨᠢᠭᠡᠴᠡ ᠪᠣᠯᠣᠨ ᠡᠯ᠎ᠡ ᠠᠢᠮᠠᠭ ᠬᠣᠲᠠ ᠶᠢᠨ ᠬᠠᠷᠢᠶ᠎ᠠ ᠪᠦᠭᠦᠢ ᠪᠠᠢᠭᠣᠯᠭ᠎ᠠ ᠨᠢᠭᠡᠴᠡ ᠡᠴᠡ ᠴᠥᠬᠡᠨ ᠲᠣᠭᠠᠳᠣ ᠦᠨᠳᠦᠰᠦᠲᠡᠨ ᠦ ᠲᠣᠰᠬᠠᠢ ᠮᠡᠷᠭᠡᠵᠢᠯ ᠦᠨ ᠴᠢᠳᠠᠪᠤᠷᠢᠲᠠᠨ ᠢ ᠰᠣᠩᠭᠣᠨ ᠰᠢᠯᠭᠠᠷᠠᠭᠣᠯᠣᠨ ᠠᠪᠴᠣ ᠂ ᠣᠷᠣᠨ ᠤ ᠭᠠᠳᠠᠨᠠᠬᠢ ᠲᠡᠭᠡᠳᠦ ᠵᠡᠷᠭᠡ ᠶᠢᠨ ᠰᠣᠷᠭᠠᠭᠣᠯᠢ ᠂ ᠰᠢᠨᠵᠢᠯᠡᠬᠦ ᠣᠬᠠᠭᠠᠨ ᠤ ᠰᠣᠳᠣᠯᠭᠠᠨ ᠤ ᠬᠦᠷᠢᠶᠡᠯᠡᠩ ᠪᠣᠯᠣᠨ ᠪᠣᠰᠣᠳ ᠣᠷᠣᠨ ᠤ ᠳᠣᠲᠣᠷᠠᠬᠢ ᠲᠡᠷᠢᠭᠦᠨ ᠵᠡᠷᠭᠡ ᠶᠢᠨ ᠠᠵᠣ ᠠᠬᠣᠢᠯᠠᠯ ᠂ ᠪᠠᠢᠭᠣᠯᠭ᠎ᠠ ᠨᠢᠭᠡᠴᠡ ᠳ᠋ᠥ ᠶᠠᠪᠣᠭᠣᠯᠵᠣ ᠰᠣᠷᠣᠯᠴᠠᠭᠣᠯᠣᠨ᠎ᠠ ᠃
     ᠢᠷᠡᠯᠳᠡ᠄ ᠠᠷᠠᠳ ᠤᠨ ᠰᠦᠯᠵᠢᠶ᠎ᠡ

特培计划为内蒙古培养少数民族专业技术人才

今年内蒙古自治区继续实施少数民族专业技术人才特培计划,2017年度计划培养100名。
  据了解,特培计划培养学员主要选拔具有中高级专业技术资格或本科以上学历的少数民族专业技术人才,重点从科学发展和自主创新的专业领域、重大工程项目中的少数民族专业技术人才,工程、教育、卫生、农牧业、科技等经济发展和社会建设领域中的急需紧缺少数民族专业技术人才,其他专业和领域的具有发展潜力的优秀少数民族专业技术人才中选拔。学员将以区外培养和区内培养两种方式进行培养,区内区外各50名。
  少数民族专业技术人才特培计划是我区深入实施人才强区战略,进一步提升内蒙古少数民族专业技术人才队伍整体素质的重要内容。区外培养将从区直单位和盟市所属单位选拔少数民族专业技术人才,赴区外高校、科研院所和其他国内一流企事业单位进行培养学习。区内培养将从盟市及以下地区选拔少数民族专业技术人才,赴区内高校、科研院所和其他区内一流企事业单位进行培养学习。
      来源:内蒙古日报

 
Posted in ᠰᠤᠷᠭᠠᠨ ᠬᠦᠮᠦᠵᠢᠯ ᠪᠤᠯᠪᠠᠰᠤᠷᠠᠯ|教育培训 and tagged .