ᠦᠪᠤᠷ ᠮᠤᠩᠭᠤᠯ ᠰᠢᠮ᠎ᠡ ᠲᠡᠵᠢᠭᠡᠯ ᠰᠠᠢᠵᠢᠷᠠᠭᠤᠯᠬᠤ ᠲᠦᠯᠦᠪᠯᠡᠭᠡ ᠵᠢ ᠬᠡᠷᠡᠭᠵᠢᠬᠦᠯᠵᠤ 23.7· 内蒙古营养改善计划:23.7万名中小学生受益

 

ᠦᠪᠤᠷ ᠮᠤᠩᠭᠤᠯ ᠰᠢᠮ᠎ᠡ ᠲᠡᠵᠢᠭᠡᠯ ᠰᠠᠢᠵᠢᠷᠠᠭᠤᠯᠬᠤ ᠲᠦᠯᠦᠪᠯᠡᠭᠡ ᠵᠢ ᠬᠡᠷᠡᠭᠵᠢᠬᠦᠯᠵᠤ 23.7 ᠲᠦᠮᠡᠨ ᠲᠤᠮᠳᠠᠳᠤ ᠪᠠᠭ᠎ᠠ ᠰᠤᠷᠭᠠᠭᠤᠯᠢ ᠵᠢᠨ ᠰᠤᠷᠤᠭᠴᠢ ᠳ᠋ᠤ ᠠᠰᠢᠭ ᠬᠦᠷᠲᠡᠭᠡᠪᠡ

ᠡᠨᠡ ᠵᠢᠯ ᠤᠨ ᠬᠠᠪᠤᠷ ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ ᠡᠴᠡ ᠨᠠᠰᠢ ᠦᠪᠡᠷᠲᠡᠭᠡᠨ ᠵᠠᠰᠠᠬᠤ ᠤᠷᠤᠨ ᠬᠦᠳᠡᠭᠡ ᠲᠤᠰᠬᠤᠨ ᠮᠠᠯᠵᠢᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠦᠨ ᠰᠤᠷᠤᠭᠴᠢ ᠵᠢᠨ ᠰᠢᠮ᠎ᠡ ᠲᠡᠵᠢᠭᠡᠯ ᠢ ᠰᠠᠢᠵᠢᠷᠠᠭᠤᠯᠬᠤ ᠲᠦᠯᠦᠪᠯᠡᠭᠡ ᠵᠢᠨ ᠲᠤᠷᠰᠢᠯᠲᠠ ᠵᠢᠨ ᠠᠵᠢᠯ ᠢ ᠡᠬᠢᠯᠡᠬᠦᠯᠵᠤ ᠂ ᠲᠤᠰ ᠲᠦᠷᠦ ᠵᠢᠨ ᠪᠤᠳᠤᠯᠭ᠎ᠠ ᠵᠢ ᠪᠦᠬᠦ ᠤᠷᠤᠨ ᠤ 23 ᠤᠯᠤᠰ ᠤᠨ ᠶᠠᠳᠠᠭᠤ ᠵᠢ ᠲᠡᠳᠬᠦᠵᠤ ᠨᠡᠭᠡᠭᠡᠨ ᠬᠦᠭᠵᠢᠬᠦᠯᠬᠦ ᠭᠤᠤᠯᠳᠠᠯᠭ᠎ᠠ ᠲᠠᠢ ᠬᠤᠰᠢᠭᠤ ᠰᠢᠶᠠᠨ ᠳ᠋ᠤ ᠬᠡᠷᠡᠭᠵᠢᠬᠦᠯᠤᠨ ᠂ 956 ᠲᠤᠮᠳᠠᠳᠤ ᠪᠠᠭ᠎ᠠ ᠰᠤᠷᠭᠠᠭᠤᠯᠢ (ᠵᠢᠭᠠᠨ ᠰᠤᠷᠭᠠᠯᠲᠠ ᠵᠢᠨ ᠴᠡᠭ ᠢ ᠪᠠᠭᠲᠠᠭᠠᠨ᠎ᠠ) ᠵᠢᠨ 23.7 ᠲᠦᠮᠡ ᠤᠷᠴᠢᠮ ᠰᠤᠷᠤᠭᠴᠢ ᠳ᠋ᠤ ᠠᠰᠢᠭ ᠬᠦᠷᠲᠡᠭᠡᠭᠰᠡᠨ ᠪᠠᠢᠨ᠎ᠠ ᠃
  ᠨᠦᠬᠦᠪᠤᠷᠢ ᠵᠢᠨ ᠪᠠᠷᠢᠮᠵᠢᠶ᠎ᠠ ᠨᠢ ᠤᠯᠤᠰ ᠤᠨ ᠲᠤᠷᠰᠢᠯᠲᠠ ᠵᠢᠨ ᠪᠠᠷᠢᠮᠵᠢᠶ᠎ᠠ ᠪᠠᠷ ᠯᠠᠪᠯᠠᠯᠲᠠ ᠪᠤᠯᠭᠠᠨ ᠂ ᠰᠤᠷᠤᠭᠴᠢ ᠨᠢᠭᠡᠪᠤᠷᠢ ᠡᠳᠤᠷ ᠪᠦᠷᠢ 4 ᠲᠦᠬᠦᠷᠢᠭ ᠂ ᠵᠢᠯ ᠪᠦᠷᠢ ᠨᠡᠢᠲᠡ 800 ᠲᠦᠬᠦᠷᠢᠭ ᠪᠤᠯᠤᠨ᠎ᠠ ᠃
  ᠦᠪᠡᠷᠲᠡᠭᠡᠨ ᠵᠠᠰᠠᠬᠤ ᠤᠷᠤᠨ ᠠᠴᠠ ᠲᠤᠷᠰᠢᠯᠲᠠ ᠵᠢᠨ ᠬᠤᠰᠢᠭᠤ ᠰᠢᠶᠠᠨ ᠤ ᠰᠢᠮ᠎ᠡ ᠲᠡᠵᠢᠭᠡᠯᠳᠤ ᠬᠤᠭᠤᠯᠠ ᠤᠮᠳᠠ ᠵᠢᠨ ᠨᠦᠬᠦᠪᠤᠷᠢ ᠵᠢᠨ ᠪᠡᠯᠡ ᠮᠦᠩᠬᠦ ᠵᠢ ᠰᠤᠷᠤᠭᠴᠢ ᠳ᠋ᠤ ᠲᠡᠩᠴᠡᠬᠦᠦ ᠦᠷᠲᠡᠭ ᠦᠨ ᠴᠢᠨᠠᠷ ᠰᠠᠢᠲᠠᠢ ᠢᠳᠡᠭᠡᠨ ᠬᠠᠩᠭᠠᠬᠤ ᠳ᠋ᠤ ᠯᠡ ᠬᠡᠷᠡᠭᠯᠡᠬᠦ ᠬᠡᠷᠡᠭᠲᠠᠢ ᠂ ᠪᠡᠯᠡᠨ ᠵᠤᠭᠤᠰ ᠤᠨ ᠬᠡᠯᠪᠡᠷᠢ ᠪᠡᠷ ᠰᠢᠭᠤᠳ ᠦᠭᠴᠦ ᠪᠤᠯᠬᠤ ᠦᠭᠡᠢ ᠂ ᠪᠠᠭᠰᠢ ᠠᠵᠢᠯᠲᠠᠨ ᠤ ᠬᠤᠭᠤᠯᠠ ᠪᠤᠳᠠᠭ᠎ᠠ ᠂ ᠰᠤᠷᠭᠠᠭᠤᠯᠢ ᠵᠢᠨ ᠠᠯᠪᠠᠨ ᠵᠠᠷᠤᠳᠠᠯ ᠵᠡᠷᠭᠡ ᠳ᠋ᠤ ᠨᠦᠬᠦᠪᠤᠷᠢ ᠪᠤᠯᠭᠠᠨ ᠬᠡᠷᠡᠭᠯᠡᠵᠤ ᠪᠤᠯᠬᠤ ᠦᠭᠡᠢ ᠭᠡᠵᠤ ᠱᠠᠭᠠᠷᠳᠠᠭᠰᠠᠨ ᠪᠠᠢᠨ᠎ᠠ ᠃ ᠡᠬᠦᠨ ᠦ ᠬᠠᠮᠳᠤ ᠂ ᠡᠯ᠎ᠡ ᠰᠤᠷᠭᠠᠭᠤᠯᠢ ᠨᠢ ᠡᠷᠬᠡᠪᠰᠢ ᠲᠦᠬᠦᠭᠡᠢ ᠮᠠᠲ᠋ᠧᠷᠢᠶᠠᠯ ᠤᠨ ᠰᠢᠨ᠎ᠡ ᠰᠤᠷᠭᠤᠭ ᠠᠷᠢᠭᠤᠨ ᠴᠡᠪᠡᠷ ᠪᠠᠢᠬᠤ ᠵᠢ ᠦᠨᠡᠨ ᠬᠦ ᠪᠠᠲᠤᠯᠠᠵᠤ ᠂ ᠮᠢᠬ᠎ᠠ ᠂ ᠦᠨᠳᠡᠭᠡ ᠂ ᠨᠤᠭᠤᠭ᠎ᠠ ᠵᠢᠮᠢᠰ ᠵᠡᠷᠭᠡ ᠪᠡᠷ ᠭᠤᠤᠯᠯᠠᠭᠰᠠᠨ ᠢᠳᠡᠭᠡᠨ ᠬᠠᠩᠭᠠᠬᠤ ᠬᠡᠷᠡᠭᠲᠠᠢ ᠂ ᠡᠷᠡᠬᠦᠯᠵᠢᠯ ᠦᠨ ᠡᠳ᠋ ᠂ ᠰᠦ ᠠᠭᠤᠯᠤᠭᠰᠠᠨ ᠤᠮᠳᠠᠭᠠᠨ ᠵᠡᠷᠭᠡ ᠪᠡᠷ ᠤᠷᠤᠯᠠᠭᠤᠯᠵᠤ ᠪᠤᠯᠬᠤ ᠦᠭᠡᠢ ᠭᠡᠵᠠᠢ ᠃
     ᠢᠷᠡᠯᠳᠡ᠄ ᠠᠷᠠᠳ ᠤᠨ ᠰᠦᠯᠵᠢᠶ᠎ᠡ

 

内蒙古营养改善计划:23.7万名中小学生受益

今年春季开学起,自治区启动农村牧区义务教育学生营养改善计划试点工作,政策覆盖全区23个国贫旗县,956所中小学校(含教学点)的约23.7万名学生受益。
  补助标准参照国家试点标准,每生每天4元,每年共计800元。
  自治区要求试点旗县营养餐补助资金只能用于向学生提供等值优质的食品,不得以现金形式直接发放,不得用于补贴教职工伙食、学校公用经费等。同时,各学校必须确保原料新鲜洁净,供餐食品以提供肉、蛋、奶、蔬菜、水果等食物为主,不得以保健品、含乳饮料等替代。
    来源:内蒙古日报

 
Posted in ᠰᠤᠷᠭᠠᠨ ᠬᠦᠮᠦᠵᠢᠯ ᠪᠤᠯᠪᠠᠰᠤᠷᠠᠯ|教育培训 and tagged .