ᠪᠡᠬᠡᠵᠢᠩ ᠤᠨ 3600 ᠡᠮ ᠡᠮᠨᠡᠯᠬᠡ ᠶᠢᠨ ᠪᠠᠶᠢᠭᠤᠯᠤᠮᠵᠢ ᠳ᠋ᠤᠭᠠᠷ ᠤᠨ ·北京3600家医疗机构 将取消挂号费诊疗费

ᠪᠡᠬᠡᠵᠢᠩ ᠤᠨ 3600 ᠡᠮ ᠡᠮᠨᠡᠯᠬᠡ ᠶᠢᠨ ᠪᠠᠶᠢᠭᠤᠯᠤᠮᠵᠢ ᠳ᠋ᠤᠭᠠᠷ ᠤᠨ ᠳᠦᠯᠦᠪᠦᠷᠢ ᠶᠢ ᠦᠬᠡᠶᠢᠰᠬᠡᠨ᠎ᠡ

ᠣᠢᠷ᠎ᠠ ᠶᠢᠨ ᠡᠳᠦᠷ᠂ ᠪᠡᠬᠡᠵᠢᠩ ᠬᠤᠳᠠ ᠶᠢᠨ ᠡᠮ᠂ ᠡᠮ ᠡᠮᠨᠡᠯᠬᠡ ᠶᠢ ᠰᠠᠯᠭᠠᠬᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠠᠯᠪᠠ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠬᠤᠷᠠᠯᠳᠤᠭᠤᠯᠪᠠ᠃
  ᠬᠤᠷᠠᠯ ᠡᠴᠡ ᠤᠶᠢᠯᠠᠭᠠᠭᠰᠠᠨ ᠢᠶᠡᠷ᠂ 《ᠪᠡᠬᠡᠵᠢᠩ ᠬᠤᠳᠠ ᠶᠢᠨ ᠡᠮ᠂ ᠡᠮ ᠡᠮᠨᠡᠯᠬᠡ ᠶᠢ ᠰᠠᠯᠭᠠᠬᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠡᠷᠡᠭᠵᠢᠬᠦᠯᠬᠦ ᠳᠦᠰᠦᠯ》 ᠢ 4 ᠰᠠᠷ᠎ᠠ ᠶᠢᠨ 8 ᠤ ᠡᠳᠦᠷ ᠡᠴᠡ ᠡᠬᠢᠯᠡᠵᠤ ᠪᠦᠬᠦ ᠳᠠᠯ᠎ᠠ ᠪᠡᠷ ᠬᠡᠷᠡᠭᠵᠢᠬᠦᠯᠦᠨ᠎ᠡ᠂ ᠪᠦᠬᠦ ᠬᠤᠳᠠ ᠶᠢᠨ 3600 ᠭᠠᠷᠤᠢ ᠡᠮ ᠡᠮᠨᠡᠯᠬᠡ ᠶᠢᠨ ᠪᠠᠶᠢᠭᠤᠯᠤᠮᠵᠢ ᠨᠢ ᠡᠮ ᠤᠨ ᠨᠡᠮᠡᠯᠳᠡ ᠦᠨ᠎ᠡ (ᠡᠬᠦᠨ ᠳᠤ ᠬᠢᠳᠠᠳ ᠡᠮ ᠤᠨ ᠬᠡᠷᠴᠢᠮᠡᠯ ᠪᠠᠭᠳᠠᠬᠤ ᠦᠬᠡᠢ)᠂ ᠳ᠋ᠤᠭᠠᠷ ᠤᠨ ᠳᠦᠯᠦᠪᠦᠷᠢ᠂ ᠤᠨᠤᠰᠢᠯᠠᠭᠠᠨ ᠤ ᠳᠦᠯᠦᠪᠦᠷᠢ ᠵᠡᠷᠬᠡ ᠶᠢ ᠦᠬᠡᠶᠢᠰᠬᠡᠵᠤ᠂ ᠪᠦᠬᠦ ᠡᠮ ᠤᠨ ᠪᠦᠳᠦᠬᠡᠭᠳᠡᠬᠦᠨ ᠢ ᠦᠨ᠎ᠡ ᠵᠦᠷᠢᠬᠦᠯᠬᠦ ᠦᠬᠡᠢ ᠪᠡᠷ ᠪᠤᠷᠤᠯᠠᠭᠤᠯᠵᠤ᠂ ᠡᠮᠴᠢᠯᠡᠬᠡ ᠶᠢᠨ ᠦᠢᠯᠡᠴᠢᠯᠡᠬᠡᠨ ᠤ ᠳᠦᠯᠦᠪᠦᠷᠢ ᠬᠤᠷᠢᠶᠠᠬᠤ ᠪᠤᠯᠤᠨ᠎ᠠ᠃ ᠡᠮ ᠡᠮᠨᠡᠯᠬᠡ ᠶᠢᠨ ᠳᠠᠭᠠᠳᠬᠠᠯ ᠨᠢ ᠡᠬᠦᠳᠡᠨ ᠡᠮᠨᠡᠯᠬᠡ ᠶᠢᠨ ᠡᠮᠴᠢᠯᠡᠬᠡ ᠶᠢᠨ ᠦᠢᠯᠡᠴᠢᠯᠡᠬᠡᠨ ᠤ ᠳᠦᠯᠦᠪᠦᠷᠢ ᠶᠢ ᠳᠤᠭᠳᠠᠭᠰᠠᠨ ᠬᠡᠮᠵᠢᠶ᠎ᠡ ᠪᠡᠷ ᠴᠠᠶᠢᠷᠠᠭᠤᠯᠵᠤ᠂ ᠡᠮᠨᠡᠯᠬᠡ ᠳᠤ ᠰᠠᠭᠤᠭᠰᠠᠨ ᠡᠮᠴᠢᠯᠡᠬᠡ ᠶᠢᠨ ᠦᠢᠯᠡᠴᠢᠯᠡᠬᠡᠨ ᠤ ᠳᠦᠯᠦᠪᠦᠷᠢ ᠶᠢ ᠬᠠᠷᠢᠴᠠᠯ ᠢᠶᠡᠷ ᠴᠠᠶᠢᠷᠠᠭᠤᠯᠬᠤ ᠪᠤᠯᠤᠨ᠎ᠠ᠃
  ᠢᠷᠡᠯᠳᠡ᠄ ᠰᠢᠨᠬᠤᠧᠠ ᠨᠧᠲ

北京3600家医疗机构 将取消挂号费诊疗费

近日,北京市医药分开综合改革新闻发布会召开。记者从发布会上获悉,《北京市医药分开综合改革实施方案》将于4月8日全面实施,全市3600多家医疗机构将全部取消药品(不含中药饮片)加成和挂号费、诊疗费,所有药品实行零差率销售,设立医事服务费。医保对门诊医事服务费定额报销,住院医事服务费按比例报销。

来源:内蒙古新闻网

Posted in ᠡᠮ ᠡᠮᠨᠡᠯᠭᠡ ᠡᠷᠡᠭᠦᠯᠵᠢᠯ|医疗保健 and tagged .