ᠦᠪᠦᠷ ᠮᠣᠩᠭᠣᠯ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠪᠡᠨ ·今年内蒙古继续提高社会救助标准

ᠦᠪᠦᠷ ᠮᠣᠩᠭᠣᠯ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠪᠡᠨ ᠦᠷᠭᠦᠯᠵᠢᠯᠡᠨ ᠲᠡᠭᠡᠭ᠍ᠰᠢᠯᠡᠭᠦᠯᠦᠨ᠎ᠠ

ᠲᠦᠷᠦᠭᠦᠬᠡᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠡᠴᠡ《 2017 ᠤᠨ ᠤ ᠤᠷᠤᠨ ᠳᠠᠶᠠᠭᠠᠷ ᠤᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠲᠤᠬᠠᠢ ᠮᠡᠳᠡᠭᠳᠡᠯ》ᠪᠠᠭᠤᠯᠭᠠᠵᠤ᠂ 2017 ᠤᠨ ᠤ ᠦᠪᠦᠷ ᠮᠣᠩᠭᠣᠯ ᠤᠨ ᠤᠷᠤᠨ ᠳᠠᠶᠠᠭᠠᠷ ᠤᠨ ᠬᠤᠲᠠ ᠪᠠᠯᠭᠠᠰᠤᠨ ᠤ ᠢᠷᠭᠡᠳ ᠤᠨ ᠬᠠᠮᠤᠭ ᠤᠨ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ᠂ ᠤᠨᠴᠠ ᠬᠦᠴᠢᠷᠲᠠᠢ ᠬᠦᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠪᠤᠯᠤᠨ ᠠᠰᠠᠷᠠᠨ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠨᠡᠶᠢᠲᠡᠯᠡᠠᠵᠤ᠂ ᠡᠯ᠎ᠠ ᠲᠦᠷᠦᠯ ᠤᠨ ᠪᠠᠷᠢᠮᠵᠢᠶ᠎ᠠ ᠶᠢ ᠦᠷᠭᠦᠯᠵᠢᠯᠡᠨ ᠳᠡᠭᠡᠭ᠍ᠰᠢᠯᠡᠭᠦᠯᠦᠨ᠎ᠠ ᠭᠡᠵᠡᠢ᠃
  2017 ᠤᠨ ᠳᠤ᠂ ᠦᠪᠦᠷ ᠮᠣᠩᠭᠣᠯ ᠤᠨ ᠦᠪᠠᠷᠲᠡᠭᠡᠨ ᠵᠠᠰᠠᠬᠤ ᠤᠷᠤᠨ ᠤ ᠬᠤᠲᠠ ᠪᠠᠯᠭᠠᠰᠤᠨ ᠶᠢᠨ ᠳᠤᠤᠷ᠎ᠠ ᠪᠠᠳᠤᠯᠠᠭᠠᠨ ᠤ ᠪᠠᠷᠢᠮᠵᠢᠶ᠎ᠠ ᠬᠦᠮᠦᠨ ᠳᠤᠮᠳᠠᠴᠢ ᠪᠡᠷ ᠰᠠᠷ᠎ᠠ ᠳᠤ 591 ᠲᠦᠬᠦᠷᠢᠭ᠌ ᠲᠤ ᠬᠦᠷᠴᠤ᠂ ᠨᠢᠳᠤᠨᠤᠨ ᠤ ᠬᠢ ᠡᠴᠡ 49 ᠲᠦᠬᠦᠷᠢᠭ᠌ ᠦᠰᠪᠡ᠃ ᠬᠦᠳᠡᠭᠡ ᠤᠷᠤᠨ ᠨᠤᠲᠤᠭ ᠤᠨ ᠳᠤᠤᠷ᠎ᠠ ᠪᠠᠳᠤᠯᠠᠭᠠᠨ ᠤ ᠪᠠᠷᠢᠮᠵᠢᠶ᠎ᠠ ᠬᠦᠮᠦᠨ ᠳᠤᠮᠳᠠᠴᠢ ᠪᠡᠷ ᠵᠢᠯ ᠳᠤ 4851 ᠲᠦᠬᠦᠷᠢᠭ᠌ ᠲᠤ ᠬᠦᠷᠴᠤ ᠨᠢᠳᠤᠨᠤᠨ ᠤ ᠬᠢ ᠡᠴᠡ 654 ᠲᠦᠬᠦᠷᠢᠭ᠌ ᠦᠰᠴᠠᠢ᠃ ᠬᠤᠲᠠ ᠪᠠᠯᠭᠠᠰᠤᠨ ᠤ ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠨᠢ ᠤᠯᠤᠰ ᠳᠠᠶᠠᠭᠠᠷ ᠤᠨ 7 ᠳ᠋ᠤᠭᠠᠷ ᠲᠤ ᠵᠢᠬᠰᠠᠵᠤ ᠪᠤᠢ᠃ ᠤᠷᠤᠨ ᠳᠠᠶᠠᠭᠠᠷ ᠤᠨ ᠬᠤᠲᠠ ᠶᠢᠨ ᠤᠨᠴᠠ ᠶᠠᠳᠠᠭᠤ ᠬᠦᠴᠢᠷᠲᠡᠢ ᠬᠦᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠦᠮᠦᠨ ᠳᠤᠮᠳᠠᠴᠢ ᠪᠡᠷ ᠰᠠᠷ᠎ᠠ ᠳᠤ 1244 ᠲᠦᠬᠦᠷᠢᠭ᠌ ᠲᠤ ᠬᠦᠷᠴᠤ᠂ ᠨᠢᠳᠤᠨᠤᠨ ᠤ ᠬᠢ ᠡᠴᠡ 35 ᠲᠦᠬᠦᠷᠢᠭ᠌ ᠦᠰᠴᠠᠢ᠃ ᠲᠠᠷᠬᠠᠢ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠦᠮᠦᠨ ᠳᠤᠮᠳᠠᠴᠢ ᠪᠠᠷ ᠰᠠᠷ᠎ᠠ ᠳᠤ 960 ᠲᠦᠬᠦᠷᠢᠭ᠌ ᠪᠠᠶᠢᠵᠤ᠂ ᠨᠢᠳᠤᠨᠤᠨ ᠤ ᠬᠢ ᠡᠴᠡ 59 ᠲᠦᠬᠦᠷᠢᠭ᠌ ᠦᠰᠪᠠ᠃ ᠤᠷᠤᠨ ᠳᠠᠶᠠᠭᠠᠷ ᠤᠨ ᠬᠦᠳᠡᠭᠡ ᠤᠷᠤᠨ ᠨᠤᠲᠤᠭ ᠤᠨ ᠤᠨᠴᠠ ᠶᠠᠳᠠᠭᠤ ᠬᠦᠴᠢᠷᠲᠠᠢ ᠬᠦᠮᠦᠰ ᠢ ᠲᠦᠪᠯᠡᠷᠡᠭᠦᠯᠦᠨ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠦᠮᠦᠨ ᠳᠤᠮᠳᠠᠴᠢ ᠪᠡᠷ ᠵᠢᠯ ᠳᠤ 9252 ᠲᠦᠬᠦᠷᠢᠭ᠌ ᠲᠤ ᠬᠦᠷᠴᠤ᠂ ᠨᠢᠳᠤᠨᠤᠨ ᠤ ᠬᠢ ᠡᠴᠡ 654 ᠲᠦᠬᠦᠷᠢᠭ᠌ ᠦᠰᠴᠠᠢ᠃ ᠲᠠᠷᠬᠠᠢ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠦᠮᠦᠨ ᠳᠤᠮᠳᠠᠴᠢ ᠪᠡᠷ ᠵᠢᠯ ᠳᠤ 6770 ᠲᠦᠬᠦᠷᠢᠭ᠌ ᠲᠤ ᠬᠦᠷᠴᠤ᠂ ᠨᠢᠳᠤᠨᠤᠨ ᠤ ᠬᠢ ᠡᠴᠡ 1646 ᠲᠦᠬᠦᠷᠢᠭ᠌ ᠦᠰᠤᠭ᠍ᠰᠠᠨ ᠪᠠᠶᠢᠨ᠎ᠠ᠃ ᠤᠨᠴᠠ ᠶᠠᠳᠠᠭᠤ ᠬᠦᠴᠢᠷᠲᠠᠢ ᠬᠦᠮᠤᠰ ᠤᠨ ᠳᠤᠮᠳᠠᠬᠢ ᠠᠮᠢᠳᠤᠷᠠᠯ ᠢᠶᠡᠨ ᠵᠤᠬᠢᠴᠠᠭᠤᠯᠬᠤ ᠴᠢᠳᠠᠪᠤᠷᠢ ᠪᠡᠨ ᠪᠦᠷᠢᠮᠦᠰᠦᠨ ᠠᠯᠳᠠᠭᠰᠠᠨ ᠬᠦᠮᠦᠰ ᠢ ᠠᠰᠠᠷᠠᠨ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠨᠢ ᠬᠦᠮᠦᠨ ᠳᠤᠮᠳᠠᠴᠢ ᠪᠡᠷ ᠰᠠᠷ᠎ᠠ ᠳᠤ 1006 ᠲᠦᠬᠦᠷᠢᠭ᠌ ᠪᠠᠶᠢᠵᠤ᠂ ᠠᠮᠢᠳᠤᠷᠠᠯ ᠢᠶᠡᠨ ᠵᠤᠬᠢᠴᠠᠭᠤᠯᠬᠤ ᠴᠢᠳᠠᠪᠤᠷᠢ ᠪᠡᠨ ᠠᠯᠳᠠᠭᠰᠠᠨ ᠬᠡᠰᠡᠭ ᠬᠦᠮᠦᠰ ᠢ ᠠᠰᠠᠷᠠᠨ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠨᠢ ᠬᠦᠮᠦᠨ ᠳᠤᠮᠳᠠᠴᠢ ᠪᠡᠷ ᠰᠠᠷ᠎ᠠ ᠳᠤ 396 ᠲᠦᠬᠦᠷᠢᠭ᠌ ᠲᠤ ᠬᠦᠷᠴᠠᠢ᠃
  ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠨᠡᠶᠢᠲᠡᠯᠡᠭᠰᠡᠨ ᠢᠶᠡᠷ᠂ ᠤᠷᠤᠨ ᠳᠠᠶᠠᠭᠠᠷ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯᠯᠠᠭ᠎ᠠ ᠶᠢᠨ ᠪᠠᠷᠢᠮᠵᠢᠶ᠎ᠠ ᠶᠢᠨ ᠳᠠᠷᠠᠭ᠎ᠠ᠂ ᠡᠯ᠎ᠠ ᠪᠦᠰᠡ ᠨᠤᠲᠤᠭ ᠰᠢᠯᠭᠠᠨ ᠲᠤᠳᠤᠯᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠋᠎ᠠ ᠬᠡᠷᠡᠭᠵᠢᠭᠦᠯᠦᠨ ᠡᠯ᠎ᠠ ᠬᠤᠰᠢᠭᠤ ᠰᠢᠶᠠᠨ 5 ᠰᠠᠷ᠎ᠠ ᠶᠢᠨ ᠰᠡᠭᠦᠯᠴᠢ ᠡᠴᠡ ᠡᠮᠦᠨ᠎ᠠ ᠰᠢᠨ᠎ᠠ ᠪᠠᠷᠢᠮᠵᠢᠶ᠎ᠠ ᠶᠤᠰᠤᠭᠠᠷ ᠪᠡᠯᠡ ᠮᠦᠩᠭᠦ ᠶᠢ ᠲᠠᠷᠬᠠᠭᠠᠵᠤ ᠪᠠᠷᠠᠬᠤ ᠬᠡᠷᠡᠭᠲᠠᠢ᠂ ᠶᠠᠳᠠᠭᠤ ᠬᠦᠴᠢᠷᠲᠠᠢ ᠢᠷᠭᠡᠳ ᠤᠨ ᠦᠨᠳᠦᠰᠦᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠵᠦ᠂ ᠶᠠᠳᠠᠭᠤ ᠬᠦᠴᠢᠷᠲᠠᠢ ᠢᠷᠭᠡᠳ ᠤᠨ ᠪᠠᠲᠤᠯᠠᠭᠠᠨ ᠤ ᠬᠢᠷᠢ ᠲᠦᠪᠰᠢᠨ ᠳᠤᠷᠤᠭᠰᠢᠯᠠᠬᠤ ᠦᠭᠡᠢ᠂ ᠲᠤᠰᠠᠯᠠᠬᠤ ᠬᠦᠴᠦᠨ ᠪᠠᠭᠤᠷᠠᠬᠤ ᠦᠭᠡᠢ᠂ ᠠᠵᠢᠯ ᠤᠨ ᠡᠷᠴᠢᠮ ᠢᠶᠡᠨ ᠰᠤᠯᠠᠷᠠᠭᠤᠯᠬᠤ ᠦᠭᠡᠢ ᠪᠠᠶᠢᠬᠤ ᠶᠢ ᠪᠠᠳᠤᠯᠠᠬᠤ ᠬᠡᠷᠡᠭᠲᠠᠢ ᠭᠡᠵᠦ ᠱᠠᠭᠠᠷᠳᠠᠪᠠ᠃
    ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ

今年内蒙古继续提高社会救助标准

近日,内蒙古自治区人民政府办公厅下发《关于2017年全区社会救助标准有关事宜的通知》,公布2017年全区城乡居民最低生活保障标准、特困人员基本生活标准和照料护理标准,各项标准继续提高。

2017年,全区城市低保标准达到月人均591元,比上年提高49元;农村牧区低保标准年人均4851元,比上年提高654元,城乡低保标准均位于全国第7位。全区城市特困人员集中供养基本生活标准达到月人均1244元,比上年提高35元;分散供养基本生活标准达到月人均960元,比上年提高59元。全区农村牧区特困人员集中供养基本生活标准达到年人均9252元,比上年提高654元;分散供养基本生活标准达到年人均6770元,比上年提高1646元。特困人员中完全丧失生活自理能力人员照料护理标准达到月人均1006元,部分丧失生活自理能力人员照料护理标准达到月人均396元。

自治区公布全区社会救助标准后,要求各地严格执行审核确定的救助标准,各旗县(市、区)在5月底前按照新的标准将资金补发完毕,切实把保障困难群众基本生活放在优先位置,对困难群众的保障水平不降低、力度不减弱、工作不放松。

来源:新华网

Posted in ᠲᠠᠨ ᠤ ᠠᠩᠬᠠᠷᠤᠯ ᠳ᠋ᠤ|热点信息 and tagged .