2020 ᠤᠨ ᠪᠤᠯᠲᠠᠯ᠎ᠠ ᠪᠦᠬᠦ ᠤᠯᠤᠰ ᠤᠨ ᠬᠡᠪᠴᠢᠶᠠᠨ ᠳ᠋ᠤ ᠦᠨᠳᠦᠷ ·2020年全国普及高中阶段教育

 

2020 ᠤᠨ ᠪᠤᠯᠲᠠᠯ᠎ᠠ ᠪᠦᠬᠦ ᠤᠯᠤᠰ  ᠤᠨ ᠬᠡᠪᠴᠢᠶᠠᠨ ᠳ᠋ᠤ ᠦᠨᠳᠦᠷ ᠵᠡᠷᠭᠡ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠦᠨ᠎ᠡ

ᠰᠢᠨᠬᠤᠸᠠ ᠬᠤᠷᠢᠶ᠎ᠠ ᠪᠡᠭᠡᠵᠢᠩ ᠤᠨ 4 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ ( ᠬᠤ ᠬᠤᠤ᠂ ᠶᠠᠩ ᠴᠦᠨ ) ᠰᠤᠷᠭᠠᠨ ᠬᠦᠮᠦᠵᠢᠯ ᠤᠨ ᠶᠠᠮᠤᠨ 2020 ᠤᠨ ᠪᠤᠯᠲᠠᠯ᠎ᠠ ᠤᠯᠤᠰ ᠲᠠᠶᠠᠭᠠᠷ ᠤᠨ ᠬᠡᠪᠴᠢᠶᠠᠨ ᠳ᠋ᠤ ᠦᠨᠳᠦᠷ ᠵᠡᠷᠭᠡ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠦᠨ᠂ ᠠᠩᠬ᠎ᠠ ᠲᠤᠮᠲᠠᠲᠤ ᠲᠡᠭᠦᠰᠦᠭᠰᠡᠨ ᠰᠤᠷᠤᠭᠴᠢᠳ ᠲᠤ ᠴᠢᠨᠠᠷ ᠰᠠᠢᠢᠲᠠᠢ ᠦᠨᠳᠦᠷ ᠲᠤᠮᠲᠠᠲᠤ ᠶᠢᠨ ᠱᠠᠲᠤᠨ ᠤ ᠰᠤᠷᠭᠠᠨ ᠬᠦᠮᠦᠵᠢᠯ ᠬᠦᠷᠲᠡᠭᠡᠬᠦ ᠪᠤᠯᠤᠨ᠎ᠠ᠃

ᠰᠤᠷᠭᠠᠨ ᠬᠦᠮᠦᠵᠢᠯ ᠤᠨ ᠶᠠᠮᠤᠨ ᠤ ᠰᠠᠭᠤᠷᠢ ᠰᠤᠷᠭᠠᠨ ᠬᠦᠮᠦᠵᠢᠯ ᠤᠨ ᠵᠤᠷᠭᠠᠨ ᠤ ᠲᠠᠷᠤᠭ᠎ᠠ ᠯᠢᠦᠢ ᠢᠦᠢ ᠭᠠᠩ ᠤᠨ ᠲᠠᠨᠢᠯᠴᠠᠭᠤᠯᠤᠭᠰᠠᠨ ᠶᠢᠡᠷ᠂ ᠰᠡᠬᠦᠯ ᠤᠨ ᠦᠶ᠎ᠠ ᠳ᠋ᠤ ᠮᠠᠨ ᠤ ᠤᠯᠤᠰ ᠤᠨ ᠦᠨᠳᠦᠷ ᠲᠤᠮᠲᠠᠲᠤ ᠶᠢᠨ ᠰᠤᠷᠭᠠᠨ ᠬᠦᠮᠦᠵᠢᠯ ᠬᠦᠭ᠍ᠵᠢᠯᠲᠠ ᠶᠢᠨ ᠵᠠᠢ ᠪᠠᠨ ᠤᠯᠪᠠ᠂ ᠭᠡᠪᠡᠴᠦ ᠲᠤᠮᠲᠠ ᠪᠠᠷᠠᠭᠤᠨ ᠬᠡᠰᠡᠭ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠲᠤᠲᠠᠮᠠᠭ᠂ ᠲᠦᠭᠡᠮᠡᠯᠵᠢᠬᠦᠯᠦᠯᠲᠡ ᠶᠢᠨ ᠬᠡᠮᠵᠢᠶ᠎ᠠ ᠲᠤᠤᠷ᠎ᠠ᠂ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭ᠍ᠵᠢᠯᠲᠠ ᠬᠤᠵᠢᠭᠤ ᠵᠡᠷᠭᠡ ᠠᠰᠠᠭᠤᠲᠠᠯ ᠤᠷᠤᠰᠢᠵᠤ ᠪᠠᠢᠢᠬᠤ ᠶᠢᠨ ᠬᠠᠮᠲᠤ ᠵᠡᠬᠦᠨ ᠬᠡᠰᠡᠭ ᠤᠨ ᠡᠳ᠋ ᠤᠨ ᠵᠠᠰᠠᠭ ᠬᠦᠭ᠍ᠵᠢᠭᠰᠡᠨ ᠤᠷᠤᠨ ᠳ᠋ᠤ ᠦᠨᠳᠦᠷ ᠵᠡᠷᠭᠡ ᠶᠢᠨ ᠰᠤᠷᠭᠠᠨ ᠬᠦᠮᠦᠵᠢᠯ ᠪᠠ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭ᠍ᠵᠢᠯᠲᠠ ᠲᠡᠩᠴᠡᠭᠦᠷᠢᠰᠢᠯ ᠦᠭᠡᠢ ᠵᠡᠷᠭᠡ ᠠᠰᠠᠭᠤᠲᠠᠯ ᠤᠷᠤᠰᠢᠵᠤ ᠪᠠᠢᠢᠨ᠎ᠠ ᠭᠡᠵᠡᠢ᠃

2020 ᠤᠨ ᠪᠤᠯᠲᠠᠯ᠎ᠠ ᠤᠯᠤᠰ ᠲᠠᠶᠠᠭᠠᠷ ᠤᠨ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠰᠤᠷᠭᠠᠭᠤᠯᠢ ᠳ᠋ᠤ ᠤᠷᠤᠭᠰᠠᠨ ᠨᠤᠷᠮ᠎ᠠ ᠶᠢ 90%ᠡᠴᠡ ᠲᠡᠭᠡᠭ᠍ᠰᠢ ᠬᠦᠷᠭᠡᠵᠦ᠂ ᠲᠤᠮᠲᠠ ᠪᠠᠷᠠᠭᠤᠨ ᠤᠷᠤᠨ ᠤ ᠶᠠᠲᠠᠭᠤ ᠬᠦᠴᠢᠷᠲᠡᠯᠲᠡᠢ ᠤᠷᠤᠨ ᠤ ᠰᠤᠷᠤᠭᠴᠢᠳ ᠤᠨ ᠰᠤᠷᠭᠠᠭᠤᠯᠢ ᠳ᠋ᠤ ᠤᠷᠤᠬᠤ ᠨᠤᠷᠮ᠎ᠠ ᠶᠢ ᠮᠡᠲᠡᠭᠲᠡᠮ᠎ᠡ ᠲᠡᠭᠡᠭ᠍ᠰᠢᠯᠡᠬᠦᠯᠦᠨ᠎ᠡ ; ᠦᠨᠳᠦᠷ ᠲᠤᠮᠲᠠᠲᠤ ᠪᠠ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠪᠦᠲᠦᠴᠡ ᠶᠢ ᠨᠡᠩ ᠲᠤᠬᠢᠷᠠᠮᠵᠢᠲᠠᠢ ᠪᠠᠢᠢᠯᠭᠠᠨ᠎ᠠ ; ᠰᠤᠷᠭᠠᠭᠤᠯᠢ ᠡᠷᠬᠢᠯᠡᠬᠦ ᠨᠦᠬᠦᠴᠡᠯ ᠢ ᠰᠠᠢᠢᠵᠢᠷᠠᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠨᠳᠦᠰᠦᠨ ᠬᠡᠷᠡᠭᠴᠡᠭᠡ ᠶᠢ ᠬᠠᠩᠭ᠋ᠠᠨ᠎ᠠ ; ᠬᠦᠷᠦᠩᠭᠡ ᠤᠷᠤᠭᠤᠯᠤᠯᠲᠠ ᠪᠠᠨ ᠲᠡᠭᠦᠯᠲᠡᠷᠵᠢᠬᠦᠯᠦᠨ᠎ᠠ ; ᠢᠯᠡ ᠲᠤᠲᠤ ᠤᠨᠴᠠᠯᠢᠭ ᠪᠦᠬᠦᠢ᠂ ᠴᠢᠨᠠᠷ ᠰᠠᠢᠢᠲᠠᠢ ᠰᠤᠷᠭᠠᠨ ᠬᠦᠮᠦᠵᠢᠯ ᠡᠷᠬᠢᠯᠡᠨ᠎ᠡ ᠭᠡᠵᠦ ᠯᠢᠦᠢ ᠢᠦᠢ ᠭᠠᠩ ᠶᠠᠷᠢᠪᠠ᠃

ᠢᠷᠡᠯᠳᠡ᠄ ᠰᠢᠨᠬᠤᠸᠠ ᠬᠤᠷᠢᠶ᠎ᠠ

 

2020年全国普及高中阶段教育

教育部近日公布的《高中阶段教育普及攻坚计划(2017-2020年)》提出,到2020年,全国普及高中阶段教育,适应初中毕业生接受良好高中阶段教育的需求 。

教育部基础教育司司长吕玉刚介绍,近年来我国高中阶段教育取得了长足发展,,但中西部贫困地区教育资源短缺,普及程度低,中等职业教育发展明显滞后。同时,东部经济发达地区也存在普通高中教育与中等职业教育发展不协调等问题。

“到2020年要实现普及高中阶段教育的目标,时间紧、任务重,必须组织实施攻坚。”吕玉刚说,攻坚计划对“十三五”期间我国普及高中阶段教育工作进行了系统设计,提出了到2020年全国普及高中阶段教育的总目标和5个具体目标。具体目标包括:全国、各省(区、市)毛入学率均达到90%以上,中西部贫困地区毛入学率显著提升;普通高中与中等职业教育结构更加合理,招生规模大体相当;学校办学条件明显改善,满足教育教学基本需要;经费投入机制更加健全,生均拨款制度全面建立;教育质量明显提升,办学特色更加鲜明,吸引力进一步增强。

来源:新华网

Posted in ᠰᠤᠷᠭᠠᠨ ᠬᠦᠮᠦᠵᠢᠯ ᠪᠤᠯᠪᠠᠰᠤᠷᠠᠯ|教育培训 and tagged .