ᠰᠢᠨᠬᠤᠧᠠ ᠬᠤᠷᠢᠶ᠎ᠠ ᠪᠡᠭᠡᠵᠢᠩ ᠤᠨ 5 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠸᠸᠢ ᠬᠤᠧᠠ ᠭᠦᠩ ᠪᠢᠩ) ᠳᠤᠮᠳᠠᠳᠤ ᠤᠯᠤᠰ ᠤᠨ ᠡᠷᠡᠭᠳᠡᠢ ᠶᠢᠨ ᠬᠦᠯ ᠪᠦᠮᠪᠦᠬᠡ ᠶᠢᠨ ᠪᠠᠭ ᠤᠨ ᠰᠢᠯᠢᠳᠡᠭ ᠲᠠᠮᠢᠷᠴᠢᠳ ᠢ ᠨᠡᠩ ᠰᠠᠶᠢᠨ ᠬᠦᠮᠦᠵᠢᠭᠦᠯᠵᠤ᠂ ᠨᠢᠭᠡᠳᠦᠯᠳᠡᠢ ᠮᠡᠷᠭᠡᠵᠢᠯ ᠤᠷᠤᠯᠳᠤᠬᠤ ᠠᠷᠭ᠎ᠠ ᠶᠢᠨ ᠰᠢᠰᠲ᠋ᠧᠮ ᠢ ᠬᠡᠷᠡᠭᠵᠢᠬᠦᠯᠬᠦ ᠢᠢᠨ ᠲᠤᠰᠠᠳᠠ ᠳᠤᠮᠳᠠᠳᠤ ᠤᠯᠤᠰ ᠤᠨ ᠬᠦᠯ ᠪᠦᠮᠪᠦᠬᠡ ᠶᠢᠨ ᠨᠡᠶᠢᠬᠡᠮᠯᠢᠭ᠌ 2 ᠤᠨ ᠡᠳᠦᠷ ᠠᠯᠪᠠᠨ ᠤ ᠨᠧᠲ ᠲᠤ ᠪᠡᠨ ᠳᠤᠮᠳᠠᠳᠤ ᠤᠯᠤᠰ ᠤᠨ ᠡᠷᠡᠭᠳᠡᠢ ᠶᠢᠨ ᠬᠦᠯ ᠪᠦᠮᠪᠦᠬᠡ ᠶᠢᠨ ᠪᠠᠭ ᠤᠨ ᠬᠤᠶᠠᠳᠤᠭᠠᠷ ᠪᠠᠭ ᠪᠠᠶᠢᠭᠤᠯᠤᠭᠳᠠᠬᠰᠠᠨ ᠢ ᠲᠤᠩᠬᠠᠬᠯᠠᠬᠰᠠ ᠤ ᠬᠠᠮᠲᠤ ᠠᠩᠬᠠᠳᠠᠭᠴᠢ ᠬᠤᠭᠤᠴᠠᠭᠠᠨ ᠤ ᠲᠦᠪᠯᠡᠷᠡᠭᠦᠯᠦᠨ ᠪᠤᠯᠪᠠᠰᠤᠷᠠᠭᠤᠯᠬᠤ ᠨᠡᠷᠡᠰ ᠢ ᠨᠡᠶᠢᠲᠡᠯᠡᠪᠡ᠃ ᠡᠬᠦᠨ ᠳᠤ᠂ ᠯᠢᠫᠫᠢ ᠭᠤᠤᠯ ᠳᠠᠰᠬᠠᠯᠵᠢᠭᠤᠯᠤᠭᠴᠢ ᠶᠢᠨ ᠲᠤᠰᠢᠶᠠᠯ ᠢ ᠡᠭᠦᠷᠭᠡᠯᠡᠪᠡ᠃
ᠢᠷᠡᠯᠳᠡ᠄ ᠰᠢᠨᠬᠤᠧᠠ ᠬᠤᠷᠢᠶ᠎ᠠ