ᠡᠨᠡ ᠵᠢᠯ 8 ᠲᠦᠮᠡᠨ ᠤᠨᠴᠠᠭᠠᠢ ᠠᠵᠢᠯ ᠤᠨ ᠪᠠᠢᠷᠢ ᠵᠢᠨ ᠪᠠᠭᠰᠢ ᠡᠯᠰᠡᠬᠦ···今年计划招聘8万特岗教师
ᠡᠨᠡ ᠵᠢᠯ 8 ᠲᠦᠮᠡᠨ ᠤᠨᠴᠠᠭᠠᠢ ᠠᠵᠢᠯ ᠤᠨ ᠪᠠᠢᠷᠢ ᠵᠢᠨ ᠪᠠᠭᠰᠢ ᠡᠯᠰᠡᠬᠦ ᠪᠡᠷ ᠲᠦᠯᠦᠪᠯᠡᠵᠤ ᠵᠠᠯᠭᠠᠯᠳᠤᠭᠰᠠᠨ ᠤᠨᠴᠠ ᠬᠦᠴᠢᠷᠲᠡᠯ ᠲᠡᠢ ᠰᠢᠶᠠᠨ ᠤ ᠬᠦᠳᠡᠭᠡ ᠲᠤᠰᠬᠤᠨ ᠤ ᠪᠠᠭᠰᠢ ᠵᠢᠨ ᠠᠮᠢᠳᠤᠷᠠᠯ ᠤᠨ ᠨᠦᠬᠦᠪᠤᠷᠢ ᠵᠢᠯ ᠳ᠋ᠤ ᠬᠦᠮᠦᠨ ᠲᠤᠮᠳᠠᠴᠢ ᠪᠠᠷ 2400 ᠲᠦᠬᠦᠷᠢᠭ ᠢ ᠲᠠᠪᠠᠪᠠ
ᠲᠦᠷᠦᠬᠦᠭᠡᠨ ᠳ᠋ᠤ ᠂ ᠲᠦᠪ ᠪᠠ ᠤᠷᠤᠨ ᠨᠤᠳᠤᠭ ᠤᠨ ᠬᠢᠨ ᠤᠯᠠᠨ ᠵᠦᠢᠯ ᠦᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭᠯᠡᠨ ᠂ ᠬᠦᠳᠡᠭᠡ ᠲᠤᠰᠬᠤᠨ ᠤ ᠪᠠᠭᠰᠢ ᠵᠢᠨ 《ᠬᠦᠳᠡᠭᠡ ᠲᠤᠰᠬᠤᠨ ᠳ᠋ᠤ ᠲᠤᠷᠠᠳᠠᠶ᠎ᠠ ᠤᠴᠢᠵᠤ ᠂ ᠬᠦᠳᠡᠭᠡ ᠲᠤᠰᠬᠤᠨ ᠳ᠋ᠤ ᠲᠤᠷᠠᠳᠠᠶ᠎ᠠ ᠦᠯᠡᠳᠡᠬᠦ》ᠵᠢ ᠲᠡᠮᠵᠢᠪᠡ ᠃ ᠲᠦᠪ ᠦᠨ ᠡᠳ᠋ ᠦᠨ ᠵᠠᠰᠠᠭ ᠠᠴᠠ ᠤᠷᠤᠭᠤᠯᠤᠯᠲᠠ ᠵᠢᠨ ᠡᠷᠴᠢᠮ ᠵᠢᠡᠨ ᠤᠯᠠᠮ ᠨᠢᠭᠡ ᠠᠯᠬᠤᠮ ᠴᠢᠩᠭᠠᠷᠠᠭᠤᠯᠪᠠ ᠂ ᠨᠢᠭᠡ ᠳ᠋ᠤ 38 ᠳ᠋ᠦᠩᠰᠢᠭᠤᠷ ᠲᠦᠬᠦᠷᠢᠭ ᠲᠤᠬᠢᠷᠠᠭᠤᠯᠵᠤ ᠂ ᠡᠯ᠎ᠡ ᠭᠠᠵᠠᠷ ᠤᠨ ᠬᠦᠳᠡᠭᠡ ᠲᠤᠰᠬᠤᠨ ᠤ ᠪᠠᠭᠰᠢ ᠵᠢᠨ ᠠᠮᠢᠳᠤᠷᠠᠯ ᠤᠨ ᠨᠦᠬᠦᠪᠤᠷᠢ ᠵᠢᠨ ᠲᠦᠷᠦ ᠵᠢᠨ ᠪᠤᠳᠤᠯᠭ᠎ᠠ ᠵᠢ ᠨᠠᠢᠳᠠᠪᠤᠷᠢᠵᠢᠭᠤᠯᠵᠤ ᠪᠠᠢᠭ᠎ᠠ ᠪᠠᠢᠳᠠᠯ ᠳ᠋ᠤ ᠶᠡᠷᠦᠩᠭᠡᠢ ᠱᠠᠩᠨᠠᠯ ᠨᠦᠬᠦᠪᠤᠷᠢ ᠦᠭᠭᠦᠭᠰᠡᠨ ᠪᠦᠭᠡᠳ ᠲᠦᠪ ᠦᠨ ᠱᠠᠩᠨᠠᠯ ᠨᠦᠬᠦᠪᠤᠷᠢ ᠵᠢᠨ ᠪᠡᠯᠡ ᠮᠦᠩᠬᠦ ᠵᠢ ᠤᠷᠤᠨ ᠨᠤᠳᠤᠭ ᠤᠨ ᠴᠢᠷᠮᠠᠢᠯᠭ᠎ᠠ ᠲᠠᠢ ᠬᠤᠯᠪᠤᠭᠳᠠᠭᠤᠯᠪᠠ ᠃ ᠬᠤᠶᠠᠷ ᠲᠤ 71 ᠳ᠋ᠦᠩᠰᠢᠭᠤᠷ ᠲᠦᠬᠦᠷᠢᠭ ᠲᠤᠬᠢᠷᠠᠭᠤᠯᠵᠤ ᠂ ᠤᠨᠴᠠᠭᠠᠢ ᠠᠵᠢᠯ ᠤᠨ ᠪᠠᠢᠷᠢ ᠵᠢᠨ ᠪᠠᠭᠰᠢ ᠡᠯᠰᠡᠬᠦ ᠬᠡᠪᠴᠢᠶ᠎ᠡ ᠵᠢ ᠦᠷᠭᠡᠳᠭᠡᠨ᠂ ᠨᠦᠬᠦᠪᠤᠷᠢ ᠵᠢᠨ ᠪᠠᠷᠢᠮᠵᠢᠶ᠎ᠠ ᠵᠢ ᠲᠡᠭᠡᠭᠰᠢᠯᠡᠬᠦᠯᠪᠡ ᠃
2017 ᠤᠨ ᠳ᠋ᠤ 8 ᠲᠦᠮᠡᠨ ᠤᠨᠴᠠᠭᠠᠢ ᠠᠵᠢᠯ ᠤᠨ ᠪᠠᠢᠷᠢ ᠵᠢᠨ ᠪᠠᠭᠰᠢ ᠡᠯᠰᠡᠬᠦ ᠪᠡᠷ ᠲᠦᠯᠦᠪᠯᠡᠵᠤ ᠂ 2016ᠤᠨ ᠤ ᠬᠢ ᠡᠴᠡ 1 ᠲᠦᠮᠡ ᠨᠡᠮᠡᠭᠳᠡᠭᠰᠡᠨ ᠪᠦᠭᠡᠳ ᠵᠠᠯᠭᠠᠯᠳᠤᠭᠰᠠᠨ ᠤᠨᠴᠠ ᠬᠦᠴᠢᠷᠲᠡᠯ ᠲᠡᠢ ᠭᠠᠵᠠᠷ ᠤᠷᠤᠨ ᠤ ᠰᠢᠶᠠᠨ ᠪᠠ ᠤᠯᠤᠰ ᠤᠨ ᠲᠡᠰ ᠦᠨ ᠶᠠᠳᠠᠭᠤ ᠬᠦᠴᠢᠷᠲᠡᠯ ᠲᠡᠢ ᠰᠢᠶᠠᠨ ᠤ ᠬᠦᠳᠡᠭᠡ ᠲᠤᠰᠬᠤᠨ ᠤ ᠪᠠᠭ᠎ᠠ ᠰᠤᠷᠭᠠᠭᠤᠯᠢ ᠂ ᠵᠢᠭᠠᠨ ᠰᠤᠷᠭᠠᠯᠲᠠ ᠵᠢᠨ ᠴᠡᠭ ᠦᠨ ᠪᠠᠭᠰᠢ ᠵᠢ ᠨᠦᠬᠦᠪᠤᠷᠢᠯᠡᠬᠦ ᠳ᠋ᠤ ᠤᠷᠢᠳ ᠵᠢᠡᠷ ᠬᠡᠷᠡᠭᠯᠡᠬᠦ ᠪᠤᠯᠤᠨ᠎ᠠ ᠃ ᠡᠬᠦᠨ ᠦ ᠬᠠᠮᠳᠤ ᠂ 2016 ᠤᠨ ᠤ 7ᠰᠠᠷ᠎ᠠ ᠵᠢᠨ 1 ᠤ ᠡᠳᠤᠷ ᠡᠴᠡ ᠡᠬᠢᠯᠡᠨ ᠤᠨᠴᠠᠭᠠᠢ ᠠᠵᠢᠯ ᠤᠨ ᠪᠠᠢᠷᠢ ᠵᠢᠨ ᠴᠠᠯᠢᠩ ᠤᠨ ᠴᠢᠨᠠᠷᠲᠠᠢ ᠨᠦᠬᠦᠪᠤᠷᠢ ᠵᠢᠨ ᠪᠠᠷᠢᠮᠵᠢᠶ᠎ᠠ ᠵᠢ ᠵᠢᠯ ᠳ᠋ᠤ ᠬᠦᠮᠦᠨ ᠲᠤᠮᠳᠠᠴᠢ ᠪᠠᠷ ᠲᠤᠮᠳᠠ ᠬᠡᠰᠡᠭ ᠲᠦ 2.8 ᠲᠦᠮᠡᠨ ᠲᠦᠬᠦᠷᠢᠭ ᠂ ᠪᠠᠷᠠᠭᠤᠨ ᠬᠡᠰᠡᠭ ᠲᠦ 3.1 ᠲᠦᠮᠡᠨ ᠲᠦᠬᠦᠷᠢᠭ ᠪᠠᠢᠭᠰᠠᠨ ᠡᠴᠡ ᠲᠤᠰ ᠲᠤᠰ 3.16 ᠲᠦᠮᠡᠨ ᠲᠦᠬᠦᠷᠢᠭ ᠂ 3.46 ᠲᠦᠮᠡᠨ ᠲᠦᠬᠦᠷᠢᠭ ᠪᠤᠯᠭᠠᠨ ᠲᠡᠭᠡᠭᠰᠢᠯᠡᠬᠦᠯᠪᠡ ᠃ ᠭᠤᠷᠪᠠ ᠳ᠋ᠤ 3.28 ᠳ᠋ᠦᠩᠰᠢᠭᠤᠷ ᠲᠦᠬᠦᠷᠢᠭ ᠲᠤᠬᠢᠷᠠᠭᠤᠯᠵᠤ ᠂ ᠵᠠᠬ᠎ᠠ ᠬᠢᠵᠠᠭᠠᠷ ᠤᠨ ᠶᠠᠳᠠᠭᠤ ᠬᠦᠴᠢᠷᠲᠡᠯ ᠲᠡᠢ ᠭᠠᠵᠠᠷ ᠤᠷᠤᠨ ᠂ ᠬᠢᠯᠢ ᠬᠢᠵᠠᠭᠠᠷ ᠤᠨ ᠦᠨᠳᠦᠰᠦᠲᠡᠨ ᠦ ᠭᠠᠵᠠᠷ ᠤᠷᠤᠨ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠲᠤ ᠠᠯᠪᠠᠨ ᠵᠢᠷᠤᠮ ᠤᠨ ᠰᠤᠷᠭᠠᠨ ᠬᠦᠮᠦᠵᠢᠯ ᠦᠨ ᠱᠠᠳᠤᠨ ᠤ ᠪᠠᠭᠰᠢ ᠰᠤᠩᠭᠤᠨ ᠲᠤᠮᠢᠯᠠᠵᠤ ᠪᠠᠭᠰᠢᠯᠠᠭᠤᠯᠬᠤ ᠵᠢ ᠲᠡᠮᠵᠢᠪᠡ ᠃
ᠢᠷᠡᠯᠳᠡ᠄ ᠠᠷᠠᠳ ᠤᠨ ᠰᠦᠯᠵᠢᠶ᠎ᠡ
今年计划招聘8万特岗教师 连片特困县补助超年人均2400元
日前,中央和地方多措并举,支持乡村教师“下得去、留得住”。中央财政进一步加大投入力度,一是安排38亿元,对各地落实乡村教师生活补助政策给予综合奖补,并将中央奖补资金与地方努力程度相挂钩。二是安排71亿元,扩大特岗教师招聘规模、提高补助标准。
2017年特岗教师计划招聘8万人,比2016年增加1万人,优先用于补充连片特困地区县和国贫县村小、教学点教师。同时,从2016年7月1日起,将特岗教师工资性补助标准由年人均中部2.8万元、西部3.1万元分别提高到3.16万元、3.46万元。三是安排3.28亿元,支持选派义务教育阶段教师到边远贫困地区、边疆民族地区和革命老区支教。
来源: 人民日报