ᠲᠡᠯᠡᠬᠡᠢ ᠶᠢᠨ ᠡᠷᠡᠬᠦᠯ ᠮᠡᠨᠳᠦ ᠶᠢᠨ 70 ᠳ᠋ᠡᠬᠢ ᠬᠤᠭᠤᠴᠠᠭᠠᠨ ᠤ ᠶᠡᠬᠡ ᠬᠤᠷᠠᠯ ᠡᠬᠢᠯᠡᠪᠡ第70届世界卫生大会开幕

ᠲᠡᠯᠡᠬᠡᠢ ᠶᠢᠨ ᠡᠷᠡᠬᠦᠯ ᠮᠡᠨᠳᠦ ᠶᠢᠨ 70 ᠳ᠋ᠡᠬᠢ ᠬᠤᠭᠤᠴᠠᠭᠠᠨ ᠤ ᠶᠡᠬᠡ ᠬᠤᠷᠠᠯ ᠡᠬᠢᠯᠡᠪᠡ

ᠣᠢᠷ᠎ᠠ ᠳᠤ᠂ ᠲᠡᠯᠡᠬᠡᠢ ᠶᠢᠨ ᠡᠷᠡᠬᠦᠯ ᠮᠡᠨᠳᠦ ᠶᠢᠨ 70 ᠳ᠋ᠡᠬᠢ ᠬᠤᠭᠤᠴᠠᠭᠠᠨ ᠤ ᠶᠡᠬᠡ ᠬᠤᠷᠠᠯ ᠵᠸᠨ᠋ᠸᠸᠠ ᠳ᠋ᠦ ᠬᠤᠷᠠᠯᠲᠤᠵᠤ᠂ ᠲᠡᠯᠡᠬᠡᠢ ᠶᠢᠨ ᠡᠷᠡᠬᠦᠯ ᠮᠡᠨᠲᠦ ᠶᠢᠨ ᠵᠤᠬᠢᠶᠠᠨ ᠪᠠᠶᠢᠭᠤᠯᠤᠯᠲᠠ ᠶᠢᠨ 194 ᠭᠡᠰᠢᠬᠦᠨ᠂ ᠲᠦᠯᠦᠭᠡᠯᠡᠭᠴᠢ 10 ᠡᠲᠦᠷ ᠤᠨ ᠬᠤᠭᠤᠴᠠᠭᠠᠨ ᠳ᠋ᠤ ᠪᠦᠬᠦ ᠨᠡᠶᠢᠲᠡ ᠶᠢᠨ ᠠᠩᠬᠠᠷᠴᠤ ᠪᠠᠶᠢᠭ᠎ᠠ ᠡᠷᠡᠬᠦᠯ ᠮᠡᠨᠲᠦ ᠶᠢᠨ ᠬᠠᠯᠠᠮᠰᠢᠯ ᠠᠰᠠᠭᠤᠲᠠᠯ ᠢ ᠵᠦᠪᠯᠡᠵᠦ᠂ ᠲᠡᠯᠡᠬᠡᠢ ᠶᠢᠨ ᠡᠷᠡᠬᠦᠯ ᠮᠡᠨᠳᠦ ᠶᠢᠨ ᠵᠤᠬᠢᠶᠠᠨ ᠪᠠᠶᠢᠭᠤᠯᠤᠯᠲᠠ ᠶᠢᠨ ᠰᠢᠨ᠎ᠡ ᠡᠭᠡᠯᠵᠢ ᠶᠢᠨ ᠶᠡᠷᠦᠩᠬᠡᠢ ᠠᠵᠢᠯᠯᠠᠭᠴᠢ ᠶᠢ ᠰᠤᠩᠭ᠋ᠤᠬᠤ ᠪᠤᠯᠤᠨ᠎ᠠ᠃ ᠮᠦᠨ ᠲᠤᠰ ᠬᠤᠭᠤᠴᠠᠭᠠᠨ ᠤ ᠬᠤᠷᠠᠯ ᠢᠶᠡᠷ ᠤᠯᠠᠨ ᠨᠡᠶᠢᠲᠡ ᠶᠢᠨ ᠡᠷᠡᠬᠦᠯ ᠮᠡᠨᠲᠦ ᠲᠠᠢ ᠬᠠᠮᠢᠶᠠᠲᠠᠢ ᠰᠢᠢᠳᠪᠦᠷᠢ ᠶᠢ ᠪᠠᠲᠤᠯᠠᠬᠤ ᠪᠤᠯᠤᠨ᠎ᠠ᠃

ᠲᠡᠯᠡᠬᠡᠢ ᠶᠢᠨ ᠡᠷᠡᠬᠦᠯ ᠮᠡᠨᠲᠦ ᠶᠢᠨ ᠶᠡᠬᠡ ᠬᠤᠷᠠᠯ ᠪᠤᠯ ᠲᠡᠯᠡᠬᠡᠢ ᠶᠢᠨ ᠡᠷᠡᠬᠦᠯ ᠮᠡᠨᠲᠦ ᠶᠢᠨ ᠵᠤᠬᠢᠶᠠᠨ ᠪᠠᠶᠢᠭᠤᠯᠤᠯᠲᠠ ᠶᠢᠨ ᠬᠠᠮᠤᠭ ᠤᠨ ᠲᠡᠭᠡᠳᠦ ᠰᠢᠢᠳᠪᠦᠷᠢ ᠲᠤᠭᠲᠠᠭᠠᠬᠤ ᠪᠠᠶᠢᠭᠤᠯᠤᠮᠵᠢ᠂ ᠡᠨᠡᠬᠦ ᠬᠤᠷᠠᠯ ᠨᠢ ᠶᠡᠷᠦ ᠳ᠋ᠡᠭᠡᠨ ᠵᠢᠯ ᠪᠦᠷᠢ ᠶᠢᠨ 5 ᠰᠠᠷ᠎ᠠ ᠳ᠋ᠤ ᠵᠸᠨ᠋ᠸᠸᠠ ᠳ᠋ᠤ ᠵᠤᠬᠢᠶᠠᠨ ᠪᠠᠶᠢᠭᠤᠯᠤᠭᠲᠠᠲᠠᠭ᠃ ᠶᠡᠬᠡ ᠬᠤᠷᠠᠯ ᠤᠨ ᠭᠤᠤᠯ ᠡᠭᠦᠷᠭᠡ ᠨᠢ ᠲᠡᠯᠡᠬᠡᠢ ᠶᠢᠨ ᠡᠷᠡᠬᠦᠯ ᠮᠡᠨᠲᠦ ᠶᠢᠨ ᠵᠤᠬᠢᠶᠠᠨ ᠪᠠᠶᠢᠭᠤᠯᠤᠯᠲᠠ ᠶᠢᠨ ᠲᠦᠷᠦ ᠶᠢᠨ ᠪᠤᠲᠤᠯᠭ᠎ᠠ ᠶᠢ ᠲᠤᠭᠲᠠᠭᠠᠬᠤ᠂ ᠲᠦᠰᠦᠯ ᠢ ᠬᠢᠨᠠᠨ ᠪᠠᠶᠢᠴᠠᠭᠠᠬᠤ ᠪᠠ ᠵᠦᠪᠰᠢᠶᠡᠷᠡᠬᠦ ᠵᠡᠷᠭᠡ᠃

ᠢᠷᠡᠯᠳᠡ᠄ ᠰᠢᠨᠬᠤᠸᠠ ᠬᠤᠷᠢᠶ᠎ᠠ

第70届世界卫生大会开幕

第70届世界卫生大会近日在日内瓦万国宫开幕,来自世界卫生组织194个成员的与会代表将在为期10天的会议中聚焦全球公共卫生热点议题,选举下一任世卫组织总干事。预计大会将通过多项公共卫生决议或决定。

  世界卫生大会是世卫组织最高决策机构,通常每年5月在日内瓦举行。大会主要职能是决定世卫组织的政策、审查和批准预算方案等。

Posted in ᠲᠠᠨ ᠤ ᠠᠩᠬᠠᠷᠤᠯ ᠳ᠋ᠤ|热点信息 and tagged .