ᠠᠮᠠᠷᠠᠯᠲᠠ ᠶᠢᠨ ᠬᠤᠭᠤᠴᠠᠭᠠᠨ ᠳᠤ ᠤᠯᠤᠰ ᠳᠠᠶᠠᠭᠠᠷ ᠲᠤ ᠨᠡᠶᠢᠲᠡ 2404 ···端午期间全国共发生火灾2404起

ᠠᠮᠠᠷᠠᠯᠲᠠ ᠶᠢᠨ ᠬᠤᠭᠤᠴᠠᠭᠠᠨ ᠳᠤ ᠤᠯᠤᠰ ᠳᠠᠶᠠᠭᠠᠷ ᠲᠤ ᠨᠡᠶᠢᠲᠡ 2404 ᠤᠳᠠᠭᠠᠨ ᠤ ᠭᠠᠯ ᠤᠨ ᠠᠶᠤᠯ ᠭᠠᠷᠪᠠ

ᠰᠢᠨᠬᠤᠸᠠ ᠬᠤᠷᠢᠶ᠎ᠠ ᠪᠡᠭᠡᠵᠢᠩ ᠤᠨ 5 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠰᠢᠶᠦ᠋ᠩ ᠹᠸᠩ) ᠰᠤᠷᠪᠤᠯᠵᠢᠯᠠᠭᠴᠢ ᠲᠤᠳᠤᠭᠠᠲᠤ ᠶᠢ ᠬᠠᠮᠠᠭᠠᠯᠠᠬᠤ ᠶᠠᠮᠤᠨ ᠤ ᠭᠠᠯ ᠰᠡᠷᠭᠡᠶᠢᠯᠡᠬᠦ ᠲᠤᠪᠴᠢᠶᠠᠨ ᠤ ᠵᠢᠯᠤᠭᠤᠳᠬᠤ ᠲᠦᠪ ᠡᠴᠡ ᠤᠶᠢᠯᠠᠭᠠᠭᠰᠠᠨ ᠢᠶᠡᠷ᠂ 5 ᠰᠠᠷ᠎ᠠ ᠶᠢᠨ 28 ᠤ ᠡᠳᠦᠷ ᠤᠨ ᠲᠠᠭ᠌ ᠴᠠᠭ ᠡᠴᠡ 30 ᠤ ᠡᠳᠦᠷ ᠤᠨ 10 ᠴᠠᠭ ᠪᠤᠯᠲᠠᠯ᠎ᠠ᠂ ᠤᠯᠤᠰ ᠳᠠᠶᠠᠭᠠᠷ ᠲᠤ ᠨᠡᠶᠢᠲᠡ 2404 ᠤᠳᠠᠭᠠᠨ ᠤ ᠭᠠᠯ ᠤᠨ ᠠᠶᠤᠯ ᠭᠠᠷᠴᠤ᠂ 6 ᠬᠦᠮᠦᠨ ᠡᠨᠳᠡᠪᠡ᠃ ᠨᠢᠭᠡ ᠤᠳᠠᠭ᠎ᠠ ᠳᠤ 3 ᠬᠦᠮᠦᠨ ᠡᠴᠡ ᠳᠡᠭᠡᠭ᠍ᠰᠢ ᠡᠨᠳᠡᠭᠰᠡᠨ ᠨᠡᠯᠢᠶᠡᠳ ᠶᠡᠬᠡ ᠬᠡᠪᠴᠢᠶᠡᠨ ᠤ ᠭᠠᠯ ᠤᠨ ᠠᠶᠤᠯ ᠭᠠᠷᠤᠭᠰᠠᠨ ᠦᠭᠡᠢ᠃

ᠲᠤᠳᠤᠭᠠᠲᠤ ᠶᠢ ᠬᠠᠮᠠᠭᠠᠯᠠᠬᠤ ᠶᠠᠮᠤᠨ ᠤ ᠭᠠᠯ ᠰᠡᠷᠭᠡᠶᠢᠯᠡᠬᠦ ᠲᠤᠪᠴᠢᠶ᠎ᠠ ᠶᠢᠨ ᠲᠠᠨᠢᠯᠴᠠᠭᠤᠯᠤᠭᠰᠠᠨ ᠢᠶᠡᠷ᠂ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠲᠤ 1.24 ᠲᠦᠮᠡ ᠭᠠᠷᠤᠢ ᠪᠠᠶᠢᠴᠠᠭᠠᠬᠤ ᠪᠠᠭ ᠵᠤᠬᠢᠶᠠᠨ ᠪᠠᠶᠢᠭᠤᠯᠵᠤ᠂ 4.65 ᠲᠦᠮᠡ ᠭᠠᠷᠤᠢ ᠪᠠᠶᠢᠴᠠᠭᠠᠬᠤ ᠪᠠᠶᠢᠭᠤᠯᠤᠯᠭ᠎ᠠ 7.18 ᠲᠦᠮᠡ ᠭᠠᠷᠤᠢ ᠬᠡᠰᠡᠭ ᠲᠡᠬᠢ ᠭᠠᠯ ᠤᠨ ᠠᠶᠤᠯ ᠤᠨ ᠭᠡᠮ ᠰᠤᠭᠤᠭ ᠢ ᠢᠯᠡᠷᠡᠭᠦᠯᠵᠤ᠂ 6.51 ᠲᠦᠮᠡᠨ ᠬᠡᠰᠡᠭ ᠢ ᠨᠢ ᠵᠠᠰᠠᠨ ᠴᠡᠭᠴᠡᠯᠡᠪᠡ᠃ 234 ᠪᠠᠶᠢᠭᠤᠯᠤᠯᠭ᠎ᠠ ᠨᠢᠭᠡᠴᠡ ᠶᠢ ᠬᠠᠤᠯᠢ ᠶᠤᠰᠤᠭᠠᠷ ᠦᠢᠯᠡᠳᠪᠦᠷᠢᠯᠡᠯ ᠢ ᠨᠢ ᠵᠤᠭᠰᠤᠭᠠᠵᠤ᠂ ᠡᠭᠦᠲᠡ ᠶᠢ ᠨᠢ ᠬᠠᠭᠠᠯᠭᠠᠵᠠᠢ᠃ ᠭᠠᠯ ᠢ ᠰᠡᠷᠭᠡᠶᠢᠯᠡᠬᠦ ᠢ ᠤᠬᠠᠭᠤᠯᠬᠤ ᠠᠵᠢᠯᠯᠠᠭ᠎ᠠ 1.38 ᠲᠦᠮᠡ ᠭᠠᠷᠤᠢ ᠤᠳᠠᠭ᠎ᠠ ᠵᠤᠬᠢᠶᠠᠨ ᠪᠠᠶᠢᠭᠤᠯᠤᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠮᠠᠲ᠋ᠸᠷᠢᠶᠠᠯ 395 ᠲᠦᠮᠡ ᠭᠠᠷᠤᠢ ᠬᠤᠪᠢ ᠲᠠᠷᠬᠠᠭᠠᠭᠰᠠᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ

端午期间全国共发生火灾2404起

新华社北京5月30日电(记者熊丰)记者从公安部消防局指挥中心获悉,5月28日零时至30日10时,全国共发生火灾2404起,死亡6人,未发生一次死亡3人以上较大火灾。
  公安部消防局介绍,节日期间,全国各地共组成检查组1.24万余个,检查单位4.65万余家,发现火灾隐患7.18万余处,整改火灾隐患6.51万余处,依法责令停产停业、停止使用单位234家。组织消防宣传活动1.38万余次,发放消防宣传资料395万余份。
  来源:新华网

Posted in ᠲᠠᠨ ᠤ ᠠᠩᠬᠠᠷᠤᠯ ᠳ᠋ᠤ|热点信息 and tagged .