ᠥᠪᠥᠷ ᠮᠣᠩᠭᠣᠯ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ ᠵᠢᠨ···高考各科考试时间确定

ᠥᠪᠥᠷ ᠮᠣᠩᠭᠣᠯ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ ᠵᠢᠨ ᠡᠯ᠎ᠡ ᠬᠢᠴᠢᠶᠡᠯ ᠲᠦᠷᠦᠯ ᠦᠨ ᠰᠢᠯᠭᠠᠬᠤ ᠴᠠᠭ ᠢ ᠲᠤᠭᠲᠠᠭᠠᠪᠠ

ᠡᠩ ᠦᠨ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ (ᠲᠡᠭᠡᠳᠤ ᠵᠡᠷᠭᠡ ᠵᠢᠨ ᠠᠵᠢᠯ ᠮᠡᠷᠭᠡᠵᠢᠯ ᠦᠨ ᠶᠡᠭᠡ ᠲᠡᠭᠡᠳᠤ ᠰᠤᠷᠭᠠᠭᠤᠯᠢ ᠳ᠋ᠤ ᠲᠤᠰᠬᠠᠢ ᠮᠡᠷᠭᠡᠵᠢᠯ ᠦᠨ ᠰᠢᠰᠲ᠋ᠧᠮ ᠵᠢᠡᠷ ᠲᠤᠮᠳᠠ ᠵᠡᠷᠭᠡ ᠵᠢᠨ ᠠᠵᠢᠯ ᠮᠡᠷᠭᠡᠵᠢᠯ ᠦᠨ ᠰᠤᠷᠭᠠᠭᠤᠯᠢ ᠲᠡᠬᠦᠰᠦᠭᠰᠡᠨ ᠰᠤᠷᠤᠭᠴᠢ ᠡᠯᠰᠡᠬᠦ ᠲᠤᠰᠠᠭᠠᠷ ᠰᠢᠯᠭᠠᠯᠲᠠ ᠪᠠᠭᠲᠠᠨ᠎ᠠ ) 6 ᠰᠠᠷ᠎ᠠ ᠵᠢᠨ 7 ᠤ ᠡᠳᠤᠷ ᠡᠬᠢᠯᠡᠨ᠎ᠡ ᠃
  6 ᠰᠠᠷ᠎ᠠ ᠵᠢᠨ 7 ᠤ ᠡᠳᠤᠷ ᠤᠨ ᠦᠳᠡ ᠵᠢᠨ ᠡᠮᠦᠨᠡᠬᠢ 9 ᠴᠠᠭ ᠠᠴᠠ 11 ᠴᠠᠭ 30 ᠮᠢᠨᠦᠲ ᠪᠤᠯᠳᠠᠯ᠎ᠠ ᠬᠡᠯᠡ ᠪᠢᠴᠢᠭ᠌ ᠂ ᠲᠡᠭᠡᠳᠤ ᠵᠡᠷᠭᠡ ᠵᠢᠨ ᠠᠵᠢᠯ ᠮᠡᠷᠭᠡᠵᠢᠯ ᠦᠨ ᠬᠡᠯᠡ ᠪᠢᠴᠢᠭ᠌ ᠂ ᠲᠡᠭᠡᠳᠤ ᠵᠡᠷᠭᠡ ᠵᠢᠨ ᠠᠵᠢᠯ ᠮᠡᠷᠭᠡᠵᠢᠯ ᠦᠨ ᠮᠤᠩᠭᠤᠯ ᠬᠡᠯᠡ ᠪᠢᠴᠢᠭ᠌ ᠂ ᠮᠤᠩᠭᠤᠯ ᠬᠡᠯᠡ ᠪᠢᠴᠢᠭ᠌ ᠤᠨ ᠬᠦᠭᠡ ᠲᠦᠷᠦᠯ ᠂ ᠰᠤᠯᠤᠩᠭᠤᠰ ᠬᠡᠯᠡ ᠪᠢᠴᠢᠭ᠌ ᠤᠨ ᠰᠢᠯᠭᠠᠯᠲᠠ ᠬᠢᠨ᠎ᠡ ᠃
  6 ᠰᠠᠷ᠎ᠠ ᠵᠢᠨ 7 ᠤ ᠡᠳᠤᠷ ᠤᠨ ᠦᠳᠡ ᠵᠢᠨ ᠬᠤᠢᠨᠠᠬᠢ 15 ᠴᠠᠭ ᠠᠴᠠ 17 ᠴᠠᠭ ᠪᠤᠯᠳᠠᠯ᠎ᠠ ᠲᠤᠭᠠᠨ ᠤ ᠤᠬᠠᠭᠠᠨ᠂ ᠲᠡᠭᠡᠳᠤ ᠵᠡᠷᠭᠡ ᠵᠢᠨ ᠠᠵᠢᠯ ᠮᠡᠷᠭᠡᠵᠢᠯ ᠦᠨ ᠲᠤᠭᠠᠨ ᠤ ᠤᠬᠠᠭᠠᠨ ᠂ ᠲᠡᠭᠡᠳᠤ ᠵᠡᠷᠭᠡ ᠵᠢᠨ ᠠᠵᠢᠯ ᠮᠡᠷᠭᠡᠵᠢᠯ ᠦᠨ ᠲᠤᠭᠠᠨ ᠤ ᠤᠬᠠᠭᠠᠨ(ᠮᠤᠩᠭᠤᠯ ) ᠤ ᠰᠢᠯᠭᠠᠯᠲᠠ ᠬᠢᠨ᠎ᠡ ᠃
  6 ᠰᠠᠷ᠎ᠠ ᠵᠢᠨ 8 ᠤ ᠡᠳᠤᠷ ᠤᠨ ᠦᠳᠡ ᠵᠢᠨ ᠡᠮᠦᠨᠡᠬᠢ 9 ᠴᠠᠭ ᠠᠴᠠ 11 ᠴᠠᠭ 30ᠮᠢᠨᠦᠲ ᠪᠤᠯᠳᠠᠯ᠎ᠠ ᠨᠡᠢᠭᠡᠮ ᠦᠨ ᠰᠢᠨᠵᠢᠯᠡᠬᠦ ᠤᠬᠠᠭᠠᠨ ᠤ ᠶᠡᠷᠦᠩᠭᠡᠢᠯᠡᠭᠰᠡᠨ ᠰᠢᠯᠭᠠᠯᠲᠠ ᠂ ᠪᠠᠢᠭᠠᠯᠢ ᠵᠢᠨ ᠰᠢᠨᠵᠢᠯᠡᠬᠦ ᠤᠬᠠᠭᠠᠨ ᠤ ᠶᠡᠷᠦᠩᠭᠡᠢᠯᠡᠭᠰᠡᠨ ᠰᠢᠯᠭᠠᠯᠲᠠ ᠂ ᠲᠡᠭᠡᠳᠤ ᠵᠡᠷᠭᠡ ᠵᠢᠨ ᠠᠵᠢᠯ ᠤᠨ ᠮᠡᠷᠭᠡᠵᠢᠯ ᠦᠨ ᠲᠤᠰᠬᠠᠢ ᠮᠡᠷᠭᠡᠵᠢᠯ ᠦᠨ ᠬᠢᠴᠢᠶᠡᠯ ᠦᠨ ᠶᠡᠷᠦᠩᠭᠡᠢᠯᠡᠭᠰᠡᠨ ᠰᠢᠯᠭᠠᠯᠲᠠ ᠬᠢᠨ᠎ᠡ᠃
  6 ᠰᠠᠷ᠎ᠠ ᠵᠢᠨ 8 ᠤ ᠡᠳᠤᠷ ᠤᠨ ᠦᠳᠡ ᠵᠢᠨ ᠬᠤᠢᠨᠠᠬᠢ 15 ᠴᠠᠭ ᠠᠴᠠ 17 ᠴᠠᠭ ᠪᠤᠯᠳᠠᠯ᠎ᠠ ᠭᠠᠳᠠᠭᠠᠳᠤ ᠬᠡᠯᠡ (ᠰᠤᠨᠤᠰᠬᠤ ᠴᠢᠳᠠᠪᠤᠷᠢ ᠵᠢᠨ ᠰᠢᠯᠭᠠᠯᠲᠠ ᠪᠠᠭᠲᠠᠨ᠎ᠠ)᠂ ᠲᠡᠭᠡᠳᠤ ᠵᠡᠷᠭᠡ ᠵᠢᠨ ᠠᠵᠢᠯ ᠮᠡᠷᠭᠡᠵᠢᠯ ᠦᠨ ᠠᠩᠭ᠍ᠯᠢ  ᠬᠡᠯᠡ (ᠰᠤᠨᠤᠰᠬᠤ ᠴᠢᠳᠠᠪᠤᠷᠢ ᠵᠢᠨ ᠰᠢᠯᠭᠠᠯᠲᠠ ᠪᠠᠭᠲᠠᠬᠤ ᠦᠭᠡᠢ )ᠵᠢᠨ ᠰᠢᠯᠭᠠᠯᠲᠠ ᠬᠢᠨ᠎ᠡ ᠃
  6 ᠰᠠᠷ᠎ᠠ ᠵᠢᠨ 9 ᠤ ᠡᠳᠤᠷ ᠤᠨ 9 ᠴᠠᠭ ᠠᠴᠠ 11 ᠴᠠᠭ 30 ᠮᠢᠨᠦᠲ ᠪᠤᠯᠳᠠᠯ᠎ᠠ ᠂ ᠮᠤᠩᠭᠤᠯ ᠬᠡᠯᠡ ᠪᠢᠴᠢᠭ᠌ ᠤᠨ ᠬᠦᠭᠡᠭᠴᠢᠨ ᠲᠦᠷᠦᠯ ᠦᠨ ᠰᠢᠯᠭᠠᠯᠲᠠ ᠬᠢᠨ᠎ᠡ ᠃ ᠡᠬᠦᠨ ᠳ᠋ᠤ ᠭᠠᠳᠠᠭᠠᠳᠤ ᠬᠡᠯᠡᠡ (ᠰᠤᠨᠤᠰᠬᠤ ᠴᠢᠳᠠᠪᠤᠷᠢ ᠵᠢᠨ ᠰᠢᠯᠭᠠᠯᠲᠠ ᠪᠠᠭᠲᠠᠨ᠎ᠠ) ᠤ ᠬᠢᠴᠢᠶᠡᠯ ᠳ᠋ᠤ ᠤᠷᠢᠳ ᠵᠢᠡᠷ ᠪᠢᠷ ᠤᠨ ᠰᠢᠯᠭᠠᠯᠲᠠ ᠬᠢᠵᠤ ᠂ ᠲᠠᠷᠠᠭ᠎ᠠ ᠨᠢ ᠰᠤᠨᠤᠰᠬᠤ ᠴᠢᠳᠠᠪᠤᠷᠢ ᠵᠢᠨ ᠰᠢᠯᠭᠠᠯᠲᠠ ᠬᠢᠨ᠎ᠡ ᠃ ᠪᠢᠷ ᠤᠨ ᠰᠢᠯᠭᠠᠯᠲᠠ ᠵᠢᠨ ᠰᠢᠯᠭᠠᠬᠤ ᠴᠠᠭ ᠨᠢ 100 ᠮᠢᠨᠦᠲ ᠂ ᠰᠤᠨᠤᠰᠬᠤ ᠴᠢᠳᠠᠪᠤᠷᠢ ᠵᠢᠨ ᠰᠢᠯᠭᠠᠬᠤ ᠴᠠᠭ  ᠨᠢ 20 ᠮᠢᠨᠦᠲ ᠤᠷᠴᠢᠮ ᠃
  ᠲᠡᠭᠡᠳᠤ ᠵᠡᠷᠭᠡ ᠵᠢᠨ ᠠᠵᠢᠯ ᠮᠡᠷᠭᠡᠵᠢᠯ ᠦᠨ ᠶᠡᠭᠡ ᠲᠡᠭᠡᠳᠤ ᠰᠤᠷᠭᠠᠭᠤᠯᠢ ᠳ᠋ᠤ ᠲᠤᠰᠬᠠᠢ ᠮᠡᠷᠭᠡᠵᠢᠯ ᠦᠨ ᠰᠢᠰᠲ᠋ᠧᠮ ᠵᠢᠡᠷ ᠲᠤᠮᠳᠠ ᠵᠡᠷᠭᠡ ᠵᠢᠨ ᠠᠵᠢᠯ ᠮᠡᠷᠭᠡᠵᠢᠯ ᠦᠨ ᠰᠤᠷᠭᠠᠭᠤᠯᠢ ᠲᠡᠬᠦᠰᠦᠭᠰᠡᠨ ᠰᠤᠷᠤᠭᠴᠢ ᠡᠯᠰᠡᠬᠦ ᠲᠤᠰᠠᠭᠠᠷ ᠰᠢᠯᠭᠠᠯᠲᠠ ᠵᠢᠨ ᠲᠠᠮᠢᠷ ᠤᠨ ᠲᠦᠷᠦᠯ ᠦᠨ ᠲᠤᠰᠬᠠᠢ ᠮᠡᠷᠭᠡᠵᠢᠯ ᠦᠨ ᠬᠢᠴᠢᠶᠡᠯ ᠦᠨ ᠶᠡᠷᠦᠩᠭᠡᠢᠯᠡᠭᠰᠡᠨ ᠰᠢᠯᠭᠠᠯᠲᠠ ᠵᠢᠨ ᠰᠢᠯᠭᠠᠬᠤ ᠴᠠᠭ ᠨᠢ 6ᠰᠠᠷ᠎ᠠ ᠵᠢᠨ 11 ᠤ ᠡᠳᠤᠷ ᠂ ᠰᠢᠯᠭᠠᠬᠤ ᠭᠠᠵᠠᠷ ᠨᠢ ᠬᠦᠭᠡᠬᠤᠲᠠ ᠵᠢᠨ ᠰᠢᠨ᠎ᠡ ᠬᠤᠲᠠ ᠲᠤᠭᠤᠷᠢᠭ ᠤᠨ ᠴᠢᠩᠭᠢᠰ ᠬᠠᠭᠠᠨ ᠵᠡᠭᠡᠯᠢ ᠵᠢᠨ 19 ᠳ᠋ᠤᠭᠡᠷ ᠨᠤᠮᠧᠷ ᠲᠤ ᠪᠠᠢᠷᠢᠯᠠᠬᠤ ᠦᠪᠤᠷ ᠮᠤᠩᠭᠤᠯ ᠤᠨ ᠲᠠᠮᠢᠷ ᠤᠨ ᠠᠵᠢᠯ ᠮᠡᠷᠭᠡᠵᠢᠯ ᠦᠨ ᠲᠡᠭᠡᠳᠤ ᠰᠤᠷᠭᠠᠭᠤᠯᠢ ᠪᠤᠯᠤᠨ᠎ᠠ ᠃
  ᠡᠩ ᠦᠨ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠭᠠᠳᠠᠭᠠᠳᠤ ᠬᠡᠯᠡᠨ ᠦ ᠶᠠᠷᠢᠶᠠᠨ ᠤ ᠬᠡᠯᠡᠨ ᠦ ᠰᠢᠯᠭᠠᠯᠲᠠ ᠨᠢ 6 ᠰᠠᠷ᠎ᠠ ᠵᠢᠨ 9 ᠤ ᠡᠳᠤᠷ ᠤᠨ 8 ᠴᠠᠭ ᠠᠴᠠ ᠡᠬᠢᠯᠡᠵᠤ 6 ᠰᠠᠷ᠎ᠠ ᠵᠢᠨ 14 ᠤ ᠡᠳᠤᠷ ᠤᠨ 18 ᠴᠠᠭ ᠡᠴᠡ ᠡᠮᠦᠨ᠎ᠡ ᠲᠠᠭᠤᠰᠤᠨ᠎ᠠ ᠂ ᠰᠢᠯᠭᠠᠬᠤ ᠭᠠᠵᠠᠷ ᠵᠢᠴᠢ ᠪᠤᠲᠠᠲᠠᠢ ᠰᠢᠯᠭᠠᠬᠤ ᠴᠠᠭ ᠢ ᠬᠤᠰᠢᠭᠤ ᠰᠢᠶᠠᠨ ᠲᠤᠭᠤᠷᠢᠭ ᠤᠨ ᠰᠤᠷᠤᠭᠴᠢ ᠡᠯᠰᠡᠬᠦᠠᠯᠪᠠᠨ ᠭᠡᠷ ᠡᠴᠡ ᠲᠤᠭᠲᠠᠭᠠᠵᠤ ᠰᠢᠯᠭᠠᠭᠤᠯᠤᠭᠴᠢ ᠳ᠋ᠤ ᠮᠡᠳᠡᠭᠳᠡᠨ᠎ᠡ ᠃
     ᠢᠷᠡᠯᠳᠡ᠄ ᠠᠷᠠᠳ ᠤᠨ ᠰᠦᠯᠵᠢᠶ᠎ᠡ

 

高考各科考试时间确定

普通高校招生考试(含高等职业院校对口招收中等职业学校毕业生单独考试)6月7日开始。
  6月7日上午9点至11点30分,安排语文、高职语文、高职蒙古语文、蒙古语文甲、朝鲜语文考试;
  6月7日下午15点至17点,安排数学、高职数学、高职数学(蒙)考试。
  6月8日上午9点至11点30分,安排文科综合、理科综合、高职专业课综合考试;
  6月8日下午15点至17点,安排外语(含听力测试)、高职英语(不含听力测试)。
  6月9日上午9点至11点30分,安排蒙古语文乙考试。其中,外语(含听力测试)科目先进行笔试,后进行听力考试;笔试部分考试时间为100分钟,听力部分考试时间约为20分钟。
  高等职业院校对口招收中等职业学校毕业生单独考试体育类专业课综合考试时间为6月11日,考试地点为内蒙古体育职业学院,位于呼和浩特市新城区成吉思汗大街19号。普通高等学校招生外语口语测试从6月9日8点开始至6月14日18点以前完成,测试地点及具体测试时间由旗县区招生办确定并通知考生本人。
  来源:内蒙古新闻网

 
Posted in ᠰᠤᠷᠭᠠᠨ ᠬᠦᠮᠦᠵᠢᠯ ᠪᠤᠯᠪᠠᠰᠤᠷᠠᠯ|教育培训 and tagged .