ᠬᠤᠶᠠᠷ ᠬᠡᠮᠵᠢᠯᠲᠦ ᠲᠡᠮᠳᠡᠭ ᠦᠨ ᠮᠡᠭᠡᠯᠡᠯ ᠢ ᠰᠡᠷᠭᠡᠢᠯᠡᠬᠦ ᠳ᠋ᠤ ᠬᠢᠨᠠᠯᠲᠠ ···防扫码诈骗 监管须跟上

ᠬᠤᠶᠠᠷ ᠬᠡᠮᠵᠢᠯᠲᠦ ᠲᠡᠮᠳᠡᠭ ᠦᠨ ᠮᠡᠭᠡᠯᠡᠯ ᠢ ᠰᠡᠷᠭᠡᠢᠯᠡᠬᠦ ᠳ᠋ᠤ ᠬᠢᠨᠠᠯᠲᠠ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠬᠤ ᠴᠢᠬᠤᠯᠠᠲᠠᠢ

ᠬᠤᠶᠠᠷ ᠬᠡᠮᠵᠢᠯᠳᠤ ᠲᠡᠮᠳᠡᠭ ᠦᠨ ᠮᠡᠭᠡᠯᠡᠯ ᠦᠨ ᠠᠵᠢᠯᠯᠠᠭ᠎ᠠ ᠵᠢᠨ ᠰᠠᠮᠠᠭᠤᠷᠠᠯ ᠨᠢ ᠨᠢᠭᠡ ᠬᠡᠮᠵᠢᠶᠡᠨ ᠳ᠋ᠤ ᠬᠡᠷᠡᠭᠯᠡᠭᠴᠢ ᠵᠢᠨ ᠤᠮᠳᠤᠭᠠᠢᠯᠠᠯ ᠲᠠᠢ ᠬᠤᠯᠪᠤᠭ᠎ᠠ  ᠲᠠᠢ ᠪᠠᠢᠳᠠᠭ ᠨᠢ ᠲᠠᠮᠵᠢᠭ ᠦᠭᠡᠢ ᠪᠤᠯᠪᠠᠴᠦ ᠵᠠᠩᠬᠢᠯᠠᠭ᠎ᠠ ᠨᠢ ᠬᠠᠰᠢᠯᠠ ᠬᠢᠨᠠᠯᠲᠠ ᠬᠠᠮᠢᠶᠠᠷᠤᠯᠲᠠ ᠵᠢᠨ ᠰᠤᠯᠠᠷᠠᠯ ᠳ᠋ᠤ ᠪᠠᠢᠭ᠎ᠠ ᠶᠤᠮ ᠃ ᠤᠳᠤᠬᠠᠨ ᠳ᠋ᠤ ᠮᠠᠨ ᠤ ᠤᠯᠤᠰ ᠲᠤ ᠬᠤᠶᠠᠷ ᠬᠡᠮᠵᠢᠯᠳᠤ ᠲᠡᠮᠳᠡᠭ ᠦᠨ ᠬᠢᠨᠠᠯᠲᠠ ᠬᠠᠮᠢᠶᠠᠷᠤᠯᠲᠠ ᠵᠢᠨ ᠲᠠᠯ᠎ᠠ ᠪᠠᠷ ᠬᠢ ᠬᠠᠤᠯᠢ ᠴᠠᠭᠠᠵᠠ ᠬᠤᠭᠤᠰᠤᠨ ᠪᠠᠢᠭ᠎ᠠ ᠪᠦᠭᠡᠳ ᠭᠡᠷᠡᠴᠢᠯᠡᠭᠡ ᠬᠠᠩᠭᠠᠬᠤ ᠬᠠᠮᠢᠶ᠎ᠠ ᠪᠦᠬᠦᠢ ᠬᠠᠮᠢᠶᠠᠷᠤᠯᠲᠠ ᠵᠢᠨ ᠪᠠᠢᠭᠤᠯᠤᠮᠵᠢ ᠴᠤ ᠦᠭᠡᠢ ᠶᠤᠮ ᠃ ᠬᠤᠶᠠᠷ ᠬᠡᠮᠵᠢᠯᠳᠤ ᠲᠡᠮᠳᠡᠭ ᠪᠤᠯ ᠮᠢᠬᠠᠨ ᠨᠢᠳᠤ ᠪᠠᠷ ᠢᠯᠭᠠᠨ ᠲᠠᠨᠢᠬᠤ ᠵᠢᠨ ᠠᠷᠭ᠎ᠠ ᠦᠭᠡᠢ ᠨᠢᠭᠡ ᠵᠦᠢᠯ ᠦᠨ ᠮᠡᠳᠡᠭᠡ ᠵᠠᠩᠬᠢ ᠵᠢᠨ ᠮᠡᠷᠭᠡᠵᠢᠯ ᠪᠤᠯᠬᠤᠷ ᠬᠡᠷᠡᠭᠯᠡᠭᠴᠢᠳ ᠲᠡᠬᠦᠨ ᠢ ᠤᠨᠤᠪᠴᠢᠲᠠᠢ ᠮᠠᠭᠠᠳᠯᠠᠨ ᠲᠠᠨᠢᠵᠤ ᠮᠡᠭᠡᠯᠡᠯ ᠡᠴᠡ ᠵᠠᠢᠯᠠᠨ᠎ᠠ ᠭᠡᠳᠡᠭ ᠪᠤᠯ ᠲᠡᠩᠳᠡᠬᠦᠦ ᠬᠠᠳᠠᠭᠤ ᠱᠠᠭᠠᠷᠳᠠᠯᠭ᠎ᠠ ᠪᠤᠯᠬᠤ ᠨᠢ ᠃
   ᠬᠤᠶᠠᠷ ᠬᠡᠮᠵᠢᠯᠳᠤ ᠲᠡᠮᠳᠡᠭ ᠢ ᠪᠦᠲᠦᠮᠵᠢᠲᠠᠢ ᠬᠢᠨᠠᠨ ᠬᠠᠮᠢᠶᠠᠷᠬᠤ ᠳ᠋ᠤ ᠂ ᠡᠩ ᠲᠡᠷᠢᠬᠦᠨ ᠳ᠋ᠤ ᠪᠤᠲᠠᠲᠠᠢ ᠪᠦᠭᠡᠳ ᠬᠡᠷᠡᠭᠵᠢᠬᠦᠯᠵᠤ ᠪᠤᠯᠬᠤᠢᠴᠠ ᠬᠢᠨᠠᠯᠲᠠ ᠬᠠᠮᠢᠶᠠᠷᠤᠯᠲᠠ ᠵᠢᠨ ᠠᠷᠭ᠎ᠠ ᠲᠤᠭᠲᠠᠭᠠᠬᠤ ᠬᠡᠷᠡᠭᠲᠠᠢ ᠂ ᠵᠢᠱᠢᠶᠡᠯᠡᠪᠡᠯ 《ᠲᠠᠧᠠᠷ ᠤᠨ ᠵᠢᠷᠤᠭᠠᠰᠤᠨ ᠺᠤᠳ᠋ ᠤᠨ ᠬᠠᠮᠢᠶᠠᠷᠤᠯᠲᠠ ᠵᠢᠨ ᠠᠷᠭ᠎ᠠ 》 ᠪᠡᠷ ᠲᠤᠯᠢ ᠪᠤᠯᠭᠠᠵᠤ ᠪᠠᠢᠭᠠᠳ ᠬᠤᠶᠠᠷ ᠬᠡᠮᠵᠢᠯᠳᠤ ᠲᠡᠮᠳᠡᠭ ᠦᠨ ᠬᠠᠮᠢᠶᠠᠷᠤᠯᠲᠠ ᠵᠢᠨ ᠠᠷᠭ᠎ᠠ ᠵᠢ ᠴᠠᠭ ᠲᠤᠬᠠᠢ ᠳ᠋ᠤᠨᠢ ᠲᠤᠭᠲᠠᠭᠠᠨ ᠬᠡᠷᠡᠭᠵᠢᠬᠦᠯᠵᠤ ᠂ ᠬᠤᠶᠡᠷ ᠬᠡᠮᠵᠢᠯᠳᠤ ᠲᠡᠮᠳᠡᠭ ᠦᠨ ᠬᠡᠷᠡᠭᠯᠡᠯᠲᠡ ᠪᠡ ᠬᠢᠨᠠᠯᠲᠠ ᠬᠠᠮᠢᠶᠠᠷᠤᠯᠲᠠ ᠵᠢ ᠬᠠᠤᠯᠢ ᠪᠠᠷ ᠵᠠᠰᠠᠬᠤ ᠵᠠᠮ ᠳ᠋ᠤ ᠤᠷᠤᠭᠤᠯᠬᠤ ᠬᠡᠷᠡᠭᠲᠠᠢ᠃ ᠢᠩᠬᠢᠮᠠᠨᠵᠢᠨ ᠰᠠᠶᠶ ᠬᠤᠶᠠᠷ ᠬᠡᠮᠵᠢᠯᠳᠤ ᠲᠡᠮᠳᠡᠭ ᠦᠨ ᠪᠦᠲᠦᠮᠵᠢᠲᠠᠢ ᠬᠢᠨᠠᠯᠲᠠ ᠬᠠᠮᠢᠶᠠᠷᠤᠯᠲᠠ ᠴᠠᠭᠠᠰᠤᠨ ᠲᠡᠭᠡᠷ᠎ᠡ ᠴᠡᠷᠢᠭ ᠵᠢᠭᠰᠠᠭᠠᠬᠤ ᠬᠡᠮᠵᠢᠶᠡᠨ ᠳ᠋ᠤ ᠵᠤᠭᠰᠤᠩᠭᠤᠢᠷᠠᠬᠤ ᠦᠭᠡᠢ ᠪᠠᠢᠵᠤ ᠴᠢᠳᠠᠨ᠎ᠠ ᠃
   ᠡᠬᠦᠪᠡᠷ ᠪᠠᠷᠠᠬᠤ ᠦᠭᠡᠢ ᠬᠤᠶᠠᠷ ᠬᠡᠮᠵᠢᠯᠳᠤ ᠲᠡᠮᠳᠡᠭ ᠦᠨ ᠰᠢᠷᠪᠢᠯᠲᠡ ᠡᠴᠡ ᠪᠤᠯᠤᠭᠰᠠᠨ ᠠᠯᠢ ᠤᠯᠠᠨ ᠮᠡᠭᠡᠯᠡᠭᠳᠡᠯ ᠨᠢ ᠪᠠᠰᠠ ᠤᠳᠤᠬᠠᠨ ᠤ ᠬᠤᠶᠠᠷ ᠬᠡᠮᠵᠢᠯᠳᠤ ᠲᠡᠮᠳᠡᠭ ᠦᠨ ᠮᠡᠳᠡᠭᠡ ᠵᠠᠩᠬᠢ ᠵᠢᠨ ᠡᠬᠢ ᠡᠬᠦᠰᠦᠯ ᠢ ᠬᠠᠢᠵᠤ ᠲᠡᠢᠯᠬᠦ  ᠦᠭᠡᠢ ᠪᠠᠢᠳᠠᠭ ᠤᠨ ᠤᠯᠠᠮ ᠠᠴᠠ ᠪᠤᠰᠤᠳᠴᠢ ᠲᠡᠭᠡᠷ᠎ᠡ ᠬᠠᠤᠯᠢ ᠪᠤᠰᠤ ᠡᠳᠡᠭᠡᠳ ᠦᠨ ᠬᠤᠶᠠᠷ ᠬᠡᠮᠵᠢᠯᠳᠤ ᠲᠡᠮᠳᠡᠭ ᠢ ᠠᠰᠢᠭᠯᠠᠨ ᠮᠡᠭᠡᠯᠡᠯ ᠶᠠᠪᠤᠭᠤᠯᠬᠤ ᠳ᠋ᠤ ᠵᠠᠪᠰᠢᠶᠠᠨ ᠤᠯᠭᠤᠭᠰᠠᠨ ᠲᠠᠢ ᠬᠤᠯᠪᠤᠭ᠎ᠠ ᠲᠠᠢ ᠶᠤᠮ ᠃ ᠢᠢᠮᠦ  ᠡᠴᠡ ᠂ ᠬᠤᠶᠠᠷ ᠬᠡᠮᠵᠢᠯᠳᠤ ᠲᠡᠮᠳᠡᠭ ᠦᠨ ᠰᠠᠭᠤᠷᠢ ᠮᠡᠳᠡᠭᠡ ᠵᠠᠩᠬᠢ ᠵᠢᠨ ᠰᠢᠰᠲ᠋ᠧᠮ ᠢ ᠦᠨᠡᠨ ᠬᠦ ᠪᠠᠢᠭᠤᠯᠵᠤ ᠂ ᠪᠤᠢ ᠪᠦᠬᠦᠢ ᠬᠤᠶᠠᠷ ᠬᠡᠮᠵᠢᠯᠳᠤ ᠲᠡᠮᠳᠡᠭ ᠦᠨ ᠲᠤᠭ᠎ᠠ ᠪᠠᠷᠢᠮᠲᠠ ᠵᠢ ᠲᠦᠪ ᠲᠤᠭ᠎ᠠ ᠪᠠᠷᠢᠮᠲᠠ ᠵᠢᠨ ᠬᠦᠮᠦᠷᠭᠡ ᠳ᠋ᠤ ᠨᠢᠭᠡᠲᠦᠯᠲᠠᠢ ᠬᠠᠳᠠᠭᠠᠯᠠᠵᠤ ᠂ ᠡᠬᠦᠨ ᠦ ᠤᠯᠠᠮ ᠡᠴᠡ ᠪᠦᠷᠢᠨ ᠲᠡᠬᠦᠯᠳᠡᠷ ᠬᠠᠷᠢᠭᠤᠴᠠᠯᠭ᠎ᠠ ᠨᠡᠭᠡᠮᠵᠢᠯᠡᠬᠦ ᠲᠤᠭᠲᠠᠴᠠ ᠪᠤᠯᠤᠨ ᠤᠷᠢᠳᠴᠢᠯᠠᠨ ᠰᠡᠷᠡᠮᠵᠢᠯᠡᠬᠦᠯᠬᠦ ᠰᠢᠰᠲ᠋ᠧᠮ ᠪᠠᠢᠭᠤᠯᠬᠤ ᠬᠡᠷᠡᠭᠲᠠᠢ ᠃ ᠪᠦᠷᠢᠨ ᠲᠡᠬᠦᠯᠳᠡᠷ ᠬᠠᠷᠢᠭᠤᠴᠠᠯᠭ᠎ᠠ ᠨᠡᠭᠡᠮᠵᠢᠯᠡᠬᠦ ᠲᠤᠭᠲᠠᠴᠠ ᠪᠠᠢᠭᠤᠯᠮᠠᠨᠵᠢᠨ ᠂ ᠬᠡᠷᠡᠭᠯᠡᠭᠴᠢ ᠮᠡᠭᠡᠯᠡᠭᠳᠡᠭᠰᠡᠨ ᠦ  ᠪᠡᠨ ᠲᠠᠷᠠᠭ᠎ᠠ ᠦᠪᠡᠷ ᠦᠨ ᠡᠷᠭᠡ ᠠᠰᠢᠭ ᠵᠢᠡᠨ ᠰᠠᠶᠶ ᠪᠦᠲᠦᠮᠵᠢᠲᠠᠢ ᠬᠠᠮᠠᠭᠠᠯᠠᠵᠤ ᠲᠡᠢᠯᠦᠨ᠎ᠡ ᠃ ᠴᠢᠬᠤᠯᠠᠴᠢᠯᠠᠭᠤᠰᠢᠲᠠᠢ ᠨᠢ ᠬᠡᠪᠡᠯ ᠂ ᠬᠡᠷᠡᠭᠯᠡᠭᠴᠢ ᠬᠠᠷᠢᠭᠤᠴᠠᠯᠭ᠎ᠠ ᠨᠡᠭᠡᠮᠵᠢᠯᠡᠬᠦ ᠲᠠᠪᠴᠠᠩ ᠵᠢᠡᠷ ᠲᠠᠮᠵᠢᠨ ᠡᠷᠭᠡ ᠪᠡᠨ ᠬᠠᠮᠠᠭᠠᠯᠠᠵᠤ ᠪᠠᠢᠬᠤ ᠳ᠋ᠤ ᠬᠠᠮᠢᠶ᠎ᠠ ᠪᠦᠬᠦᠢ ᠰᠠᠯᠠᠭ᠎ᠠ ᠮᠦᠴᠢᠷ ᠦᠨ ᠬᠢᠨ ᠭᠠᠷ ᠰᠠᠵᠢᠭᠠᠳ᠂ ᠬᠡᠷᠡᠭᠯᠡᠭᠴᠢ ᠵᠢ ᠭᠠᠭᠴᠠ ᠪᠡᠶ᠎ᠡ ᠪᠡᠷ ᠨᠢ 《ᠪᠠᠢᠯᠳᠤᠭᠤᠯᠵᠤ 》ᠪᠤᠯᠬᠤ ᠦᠭᠡᠢ ᠂ ᠬᠠᠷᠢᠨ ᠬᠡᠷᠡᠭᠯᠡᠭᠴᠢ ᠳ᠋ᠤ ᠬᠠᠮᠵᠢᠵᠤ ᠂ ᠮᠡᠳᠡᠭᠡ ᠵᠠᠩᠬᠢ ᠬᠢᠨᠠᠵᠤ ᠬᠠᠷᠭᠤᠭᠤᠯᠬᠤ ᠂ ᠪᠠᠢᠴᠠᠭᠠᠵᠤ ᠯᠠᠪᠯᠠᠬᠤ ᠂ ᠵᠠᠭᠠᠯᠳᠤᠬᠤ ᠵᠡᠷᠭᠡ ᠡᠷᠭᠡ ᠪᠡᠨ ᠬᠠᠮᠠᠭᠠᠯᠠᠬᠤ ᠦᠢᠯᠡᠴᠢᠯᠡᠭᠡ ᠬᠠᠩᠭᠠᠵᠤ ᠦᠭᠬᠦ ᠬᠡᠷᠡᠭᠲᠠᠢ ᠃
     ᠢᠷᠡᠯᠳᠡ᠄ ᠠᠷᠠᠳ ᠤᠨ ᠰᠦᠯᠵᠢᠶ᠎ᠡ

防扫码诈骗 监管须跟上

扫二维码如今已是司空见惯的事情。在菜市场买菜、在商场购物、在饭店就餐、外出乘坐出租车……可以说,二维码已经覆盖了人们衣食住行的方方面面。但二维码在带给消费者极大便利的同时,也有无处不在的扫码诈骗陷阱。
   利用二维码诈骗背后,固然有消费者忽视风险防范的因素,但关键还是监管缺失。目前,我国对二维码的监管还存在法律空白,又没有相关的管理机构提供认证。由于二维码是一种用肉眼无法识别的信息技术,要让消费者对其作出准确判断,避免上当受骗,显然过于苛求。
   对二维码的有效监管,首先需要制定具体可行的监管办法,比如可借鉴《商品条码管理办法》,及时出台二维码监管办法,将二维码的使用和监管纳入法治轨道。如此,对二维码的有效监管才不至于停留在纸上谈兵的层面。
   同时,二维码扫码中的诸多诈骗陷阱,还在于目前的二维码信息不能追溯源头,客观上为不法分子利用二维码设计诈骗提供了可乘之机。有鉴于此,切实建立二维码基础信息系统,将所有二维码数据统一存放在中心数据库,以此形成完善的责任追溯机制以及预警系统。只有形成完善的责任追溯机制,消费者上当受骗后,才能有效维护自身权益。需要强调的是,在消费者通过责任追溯平台维权时,相关职能部门不能当“甩手掌柜”,让消费者单打独斗维权,还应协作配合为消费者提供信息审核、查询、投诉等维权服务。
      来源:经济日报

Posted in ᠠᠮᠢᠳᠤᠷᠠᠯ ᠤᠨ ᠬᠠᠨᠢ|生活之友 and tagged .