ᠲᠦᠷᠦᠭᠦᠬᠡᠨ᠂ ᠤᠯᠤᠰ ᠤᠨ ᠤᠶᠤᠨ ᠤ ᠦᠮᠴᠢ ᠶᠢᠨ ᠡᠷᠬᠡ ᠶᠢᠨ ᠲᠤᠪᠴᠢᠶ᠎ᠠ ᠡᠴᠡ《 ᠤᠯᠤᠰ ᠳᠠᠶᠠᠭᠠᠷ ᠤᠨ ᠲᠤᠰᠬᠠᠢ ᠠᠰᠢᠭ ᠤᠨ ᠰᠤᠷᠪᠤᠯᠵᠢ ᠪᠢᠴᠢᠭ᠌ ᠤᠨ ᠦᠢᠯᠡᠴᠢᠯᠡᠭᠡᠨ ᠤ ᠴᠡᠭ ᠤᠨ ᠨᠡᠷᠡᠰ ᠢ ᠨᠡᠶᠢᠲᠡᠯᠡᠬᠦ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ 120 ᠤᠯᠤᠰ ᠳᠠᠶᠠᠭᠠᠷ ᠤᠨ ᠲᠤᠰᠬᠠᠢ ᠠᠰᠢᠭ ᠤᠨ ᠰᠤᠷᠪᠤᠯᠵᠢ ᠪᠢᠴᠢᠭ᠌ ᠤᠨ ᠦᠢᠯᠡᠴᠢᠯᠡᠭᠡᠨ ᠤ ᠴᠡᠭ ᠤᠨ ᠨᠡᠷᠡᠰ ᠢ ᠨᠡᠶᠢᠲᠡᠯᠡᠪᠡ᠃ ᠦᠪᠦᠷ ᠮᠣᠩᠭᠣᠯ ᠤᠨ 4 ᠪᠠᠶᠢᠭᠤᠯᠤᠯᠭ᠎ᠠ ᠨᠡᠷᠡᠰ ᠲᠤ ᠵᠢᠬᠰᠠᠭᠠᠭᠳᠠᠪᠠ᠃
ᠡᠨᠡᠬᠦ 4 ᠪᠠᠶᠢᠭᠤᠯᠤᠯᠭ᠎ᠠ ᠨᠢ ᠦᠪᠦᠷ ᠮᠣᠩᠭᠣᠯ ᠤᠨ ᠤᠶᠤᠨ ᠤ ᠦᠮᠴᠢ ᠶᠢᠨ ᠡᠷᠬᠡ ᠶᠢᠨ ᠦᠢᠯᠡᠴᠢᠯᠡᠭᠡᠨ ᠤ ᠲᠦᠪ᠂ ᠪᠤᠭᠤᠲᠤ ᠶᠢᠨ ᠬᠤᠪᠤᠷ ᠰᠢᠷᠦᠢ ᠶᠢᠨ ᠲᠡᠭᠡᠲᠤ ᠰᠢᠨ᠎ᠠ ᠲᠤᠭᠤᠷᠢᠭ ᠤᠨ ᠤᠶᠤᠨ ᠤ ᠦᠮᠴᠢ ᠶᠢᠨ ᠡᠷᠬᠡ ᠶᠢᠨ ᠲᠤᠪᠴᠢᠶ᠎ᠠ ᠶᠢᠨ ᠬᠤᠪᠤᠷ ᠰᠢᠷᠦᠢ ᠶᠢᠨ ᠤᠶᠤᠨ ᠤ ᠦᠮᠴᠢ ᠶᠢᠨ ᠡᠷᠬᠡ ᠶᠢᠨ ᠰᠤᠷᠠᠭ ᠵᠠᠩᠭᠢ ᠶᠢᠨ ᠲᠦᠪ᠂ ᠬᠦᠬᠡᠬᠤᠲᠠ ᠶᠢᠨ ᠤᠶᠤᠨ ᠤ ᠦᠮᠴᠢ ᠶᠢᠨ ᠡᠷᠬᠡ ᠶᠢᠨ ᠦᠢᠯᠡᠴᠢᠯᠡᠭᠡᠨ ᠤ ᠲᠦᠪ ᠪᠤᠯᠤᠨ ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ ᠨᠤᠮ ᠤᠨ ᠰᠠᠩ ᠵᠡᠷᠭᠡ ᠪᠤᠯᠤᠨ᠎ᠠ᠃ ᠢᠩᠭᠢᠭ᠍ᠰᠡᠨ ᠢᠶᠡᠷ ᠦᠪᠦᠷ ᠮᠣᠩᠭᠣᠯ ᠤᠨ ᠲᠦᠷᠦ ᠶᠢᠨ ᠵᠡᠷᠭᠡᠯᠡᠯ ᠤᠨ ᠲᠤᠰᠬᠠᠢ ᠠᠰᠢᠭ ᠤᠨ ᠰᠤᠷᠪᠤᠯᠵᠢ ᠪᠢᠴᠢᠭ᠌ ᠤᠨ ᠦᠢᠯᠡᠴᠢᠯᠡᠭᠡᠨ ᠤ ᠴᠡᠭ ᠤᠨ ᠬᠤᠭᠤᠰᠤᠨ ᠢ ᠨᠦᠬᠦᠪᠦᠷᠢᠯᠡᠵᠠᠢ᠃
ᠢᠷᠡᠯᠳᠡ᠄ ᠰᠢᠨᠬᠤᠸᠠ ᠬᠤᠷᠢᠶ᠎ᠠ