ᠬᠤᠶᠠᠲᠤᠭᠠᠷ ᠬᠤᠭᠤᠴᠠᠭᠠᠨ ᠤ ᠲᠤᠮᠲᠠᠲᠤ – ᠮᠤᠩᠭ᠋ᠤᠯ ᠤᠨ ᠦᠵᠡᠰᠬᠦᠯᠡᠩ ···第二届中蒙博览会将于9月呼市举行

ᠬᠤᠶᠠᠲᠤᠭᠠᠷ ᠬᠤᠭᠤᠴᠠᠭᠠᠨ ᠤ ᠲᠤᠮᠲᠠᠲᠤ – ᠮᠤᠩᠭ᠋ᠤᠯ ᠤᠨ ᠦᠵᠡᠰᠬᠦᠯᠡᠩ 9 ᠰᠠᠷ᠎ᠠ ᠶᠢᠨ 26 ᠤ ᠡᠲᠦᠷ ᠡᠴᠡ 30 ᠤ ᠡᠲᠦᠷ ᠪᠤᠯᠲᠠᠯ᠎ᠠ ᠬᠦᠬᠡᠬᠤᠲᠠ ᠳ᠋ᠤ ᠶᠠᠪᠤᠭᠲᠠᠨ᠎ᠠ

ᠬᠤᠶᠠᠲᠤᠭᠠᠷ ᠬᠤᠭᠤᠴᠠᠭᠠᠨ ᠤ ᠲᠤᠮᠲᠠᠲᠤ ᠮᠤᠩᠭ᠋ᠤᠯ ᠤᠨ ᠦᠵᠡᠰᠬᠦᠯᠡᠩ ᠤᠨ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠤᠷᠴᠢᠮ ᠤᠨ ᠪᠡᠭᠡᠵᠢᠩ ᠳ᠋ᠤ ᠪᠤᠯᠵᠤ ᠦᠩᠭᠡᠷᠡᠪᠡ

ᠲᠤᠰ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠳ᠋ᠤ ᠤᠯᠤᠰ ᠤᠨ ᠬᠤᠲᠠᠯᠲᠤᠭᠠᠨ ᠤ ᠶᠠᠮᠤᠨ ᠤ ᠲᠡᠳ᠋ ᠰᠠᠶᠢᠳ ᠴᠢᠶᠠᠨ ᠺᠧ ᠮᠢᠩ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠧᠠ᠂ ᠮᠤᠩᠭ᠋ᠤᠯ ᠤᠯᠤᠰ ᠤᠨ ᠬᠦᠨᠡᠰᠦ ᠬᠦᠲᠡᠭᠡ ᠠᠵᠤ ᠠᠬᠤᠢ ᠬᠦᠩᠭᠡᠨ ᠠᠵᠤ ᠦᠢᠯᠡᠳᠪᠦᠷᠢ ᠶᠢᠨ ᠶᠠᠮᠤᠨ ᠤ ᠲᠡᠷᠢᠬᠦᠨ ᠨᠠᠷᠢᠨ ᠪᠢᠴᠢᠭᠡᠴᠢ ᠯ• ᠪᠠᠶᠠᠷᠲᠤᠯᠭ᠎ᠠ᠂ ᠤᠯᠤᠰ ᠤᠨ ᠬᠤᠲᠠᠯᠲᠤᠭᠠᠨ ᠤ ᠶᠠᠮᠤᠨ ᠤ ᠬᠡᠪᠯᠡᠯ ᠤᠨ ᠲᠦᠯᠦᠭᠡᠯᠡᠭᠴᠢ ᠭᠤᠤ ᠴᠧᠩ ᠨᠠᠷ ᠤᠷᠤᠯᠴᠠᠵᠤ᠂ ᠬᠤᠶᠠᠲᠤᠭᠠᠷ ᠬᠤᠭᠤᠴᠠᠭᠠᠨ ᠤ ᠲᠤᠮᠲᠠᠲᠤ - ᠮᠤᠩᠭ᠋ᠤᠯ ᠤᠨ ᠦᠵᠡᠰᠬᠦᠯᠡᠩ ᠤᠨ ᠲᠤᠬᠠᠢ ᠲᠠᠨᠢᠯᠴᠠᠭᠤᠯᠤᠭᠰᠠᠨ ᠪᠦᠭᠡᠳ ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃

ᠬᠤᠶᠠᠲᠤᠭᠠᠷ ᠬᠤᠭᠤᠴᠠᠭᠠᠨ ᠤ ᠲᠤᠮᠲᠠᠲᠤ - ᠮᠤᠩᠭ᠋ᠤᠯ ᠤᠨ ᠦᠵᠡᠰᠬᠦᠯᠡᠩ 9 ᠰᠠᠷ᠎ᠠ ᠶᠢᠨ 26 ᠤ ᠡᠲᠦᠷ ᠡᠴᠡ 30 ᠤ ᠡᠲᠦᠷ ᠪᠤᠯᠲᠠᠯ᠎ᠠ ᠬᠦᠬᠡᠬᠤᠲᠠ ᠳ᠋ᠤ ᠵᠤᠬᠢᠶᠠᠨ ᠪᠠᠶᠢᠭᠤᠯᠤᠬᠲᠠᠨ᠎ᠠ᠃ ᠡᠨᠡ ᠤᠲᠠᠭᠠᠨ ᠤ ᠦᠵᠡᠰᠬᠦᠯᠡᠩ ᠨᠢ 《ᠲᠤᠮᠲᠠᠲᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠶᠢ ᠪᠦᠲᠦᠭᠡᠨ ᠪᠠᠶᠢᠭᠤᠯᠬᠤ᠂ ᠲᠡᠯᠡᠬᠡᠢ ᠨᠡᠶᠢᠲᠡ ᠳ᠋ᠤ ᠬᠠᠨᠲᠤᠭᠰᠠᠨ ᠬᠠᠮᠲᠤ ᠶᠢᠨ ᠠᠵᠢᠯᠯᠠᠭ᠎ᠠ᠂ ᠬᠠᠮᠲᠤ ᠶᠢᠨ ᠤᠯᠤᠯᠲᠠ ᠠᠮᠵᠢᠯᠲᠠ》ᠬᠡᠮᠡᠬᠦ ᠰᠡᠳᠦᠪ ᠤᠨ ᠲᠤᠤᠷ᠎ᠠ ᠪᠤᠯᠬᠤ ᠪᠦᠭᠡᠳ ᠦᠵᠡᠰᠬᠦᠯᠡᠩ ᠶᠠᠭᠠᠷᠠᠮᠠᠭ᠂ ᠴᠢᠭᠤᠯᠭ᠎ᠠ ᠠᠭᠤᠯᠵᠠᠯᠲᠠ᠂ ᠬᠤᠲᠠᠯᠲᠤᠭ᠎ᠠ ᠬᠦᠷᠦᠩᠭᠡ ᠤᠷᠤᠭᠤᠯᠤᠯᠲᠠ ᠵᠡᠷᠭᠡ ᠬᠤᠷᠢ ᠭᠠᠷᠤᠢ ᠠᠷᠭ᠎ᠠ ᠬᠡᠮᠵᠢᠶ᠎ᠠ ᠵᠤᠬᠢᠶᠠᠨ ᠪᠠᠶᠢᠭᠤᠯᠤᠭᠲᠠᠵᠤ ᠤᠷᠤᠯᠴᠠᠭᠴᠢ ᠲᠠᠯ᠎ᠠ ᠤᠳ ᠲᠤ ᠤᠶᠢᠯᠠᠭᠠᠯᠴᠠᠯ᠂ ᠰᠤᠯᠢᠯᠴᠠᠭᠠᠨ ᠤ ᠶᠡᠨᠳᠡᠷ ᠢ ᠪᠤᠢ ᠪᠤᠯᠭᠠᠨ᠎ᠠ᠃

第二届中蒙博览会将于9月呼市举行

近日,第二届中国蒙古国博览会在北京召开新闻发布会,向媒体通报了第二届中蒙博览会的总体筹备和综合保障等相关情况。

商务部副部长钱克明、蒙古国食品农牧业和轻工业部国务秘书巴雅尔图勒嘎、自治区副主席艾丽华分别介绍了相关情况。

据了解,本届博览会主题是“建设中蒙俄经济走廊,面向全球合作共赢”,由中国商务部、蒙古国食品农牧业与轻工业部和自治区政府共同举办,定于2017年9月26日至30日在内蒙古呼和浩特市举行。届时将组织四大板块,22项活动,目前,筹备工作正在紧张有序地进行中。

Posted in ᠠᠮᠢᠳᠤᠷᠠᠯ ᠤᠨ ᠬᠠᠨᠢ|生活之友 and tagged .