ᠦᠪᠦᠷ ᠮᠤᠩᠭ᠋ᠤᠯ 20 ᠦᠵᠡᠮᠦᠷᠢ ᠶᠢᠨ ᠪᠦᠰᠡ ᠶᠢᠨ ᠲᠠᠰᠤᠯᠪᠦᠷᠢ ᠳᠤ 内蒙古20家景区门票实行市场调节价

ᠦᠪᠦᠷ ᠮᠤᠩᠭ᠋ᠤᠯ 20 ᠦᠵᠡᠮᠦᠷᠢ ᠶᠢᠨ ᠪᠦᠰᠡ ᠶᠢᠨ ᠲᠠᠰᠤᠯᠪᠦᠷᠢ ᠳᠤ ᠵᠠᠬ᠎ᠠ ᠵᠡᠭᠡᠯᠢ ᠪᠡᠷ ᠲᠤᠬᠢᠷᠠᠭᠤᠯᠬᠤ ᠦᠨ᠎ᠡ ᠶᠢ ᠬᠡᠷᠡᠭᠵᠢᠬᠦᠯᠵᠡᠢ

ᠰᠤᠷᠪᠤᠯᠵᠢᠯᠠᠭᠴᠢ ᠣᠢᠷ᠎ᠠ ᠶᠢᠨ ᠡᠳᠤᠷ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠠ ᠤᠶᠢᠯᠠᠭᠠᠭᠰᠠᠨ ᠢᠶᠡᠷ᠂ 9 ᠰᠠᠷ᠎ᠠ ᠶᠢᠨ 1 ᠤ ᠡᠳᠤᠷ ᠡᠴᠡ ᠡᠬᠢᠯᠡᠨ᠂ ᠦᠪᠦᠷ ᠮᠤᠩᠭ᠋ᠤᠯ ᠪᠦᠷᠢᠶ᠎ᠠ ᠮᠠᠩᠬ᠎ᠠ ᠠᠶᠠᠯᠠᠯ ᠵᠢᠭᠤᠯᠴᠢᠯᠠᠯ ᠤᠨ ᠪᠦᠰᠡ ᠵᠡᠷᠬᠡ ᠤᠤᠯ ᠨᠢ ᠵᠠᠰᠠᠭ ᠤᠨ ᠤᠷᠳᠤᠨ ᠡᠴᠡ ᠲᠠᠰᠤᠯᠪᠦᠷᠢ ᠶᠢᠨ ᠦᠨ᠎ᠡ ᠪᠠ ᠦᠢᠯᠡᠴᠢᠯᠡᠬᠡᠨ ᠤ ᠬᠠᠮᠢᠶᠠᠷᠤᠯᠳᠠ ᠬᠢᠵᠤ ᠪᠠᠶᠢᠭᠰᠠᠨ20 ᠠᠶᠠᠯᠠᠯ ᠵᠢᠭᠤᠯᠴᠢᠯᠠᠯ ᠤᠨ ᠪᠦᠰᠡ ᠳᠤ ᠵᠠᠬ᠎ᠠ ᠵᠡᠬᠡᠯᠢ ᠪᠡᠷ ᠲᠤᠬᠢᠷᠠᠭᠤᠯᠬᠤ ᠦᠨ᠎ᠡ ᠶᠢ ᠬᠡᠷᠡᠭᠵᠢᠬᠦᠯᠬᠦ ᠪᠤᠯᠵᠠᠢ᠃

ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠨ ᠪᠦᠷᠢᠶ᠎ᠠ ᠮᠠᠩᠬ᠎ᠠ ᠶᠢᠨ ᠠᠶᠠᠯᠠᠯ ᠵᠢᠭᠤᠯᠴᠢᠯᠠᠯ ᠤᠨ ᠪᠦᠰᠡ᠂ ᠬᠠᠩᠬᠢᠨ ᠬᠤᠰᠢᠭᠤᠨ ᠤ ᠲᠠᠭᠤᠳᠤ ᠨᠠᠭᠤᠷ ᠡᠯᠡᠰᠦᠨ ᠴᠦᠯ ᠤᠨ ᠠᠮᠢ ᠠᠬᠤᠢ ᠶᠢᠨ ᠠᠶᠠᠯᠠᠯ ᠵᠢᠭᠤᠯᠴᠢᠯᠠᠯ ᠤᠨ ᠪᠦᠰᠡ᠂ ᠤᠷᠳᠤᠰ ᠶᠢᠨ ᠬᠡᠭᠡᠷ᠎ᠡ ᠶᠢᠨ ᠠᠮᠢᠳᠠᠨ ᠤ ᠬᠦᠷᠢᠶᠡᠯᠡᠩ ᠵᠡᠷᠬᠡ 20 ᠦᠵᠡᠮᠦᠷᠢ ᠶᠢᠨ ᠪᠦᠰᠡ ᠳᠤ ᠵᠠᠬ᠎ᠠ ᠵᠡᠬᠡᠯᠢ ᠪᠡᠷ ᠲᠤᠬᠢᠷᠠᠭᠤᠯᠬᠤ ᠦᠨ᠎ᠡ ᠶᠢᠨ ᠬᠠᠮᠢᠶᠠᠷᠤᠯᠳᠠ ᠶᠢ ᠬᠡᠷᠡᠭᠵᠢᠬᠦᠯᠵᠤ᠂ 《 ᠦᠨ᠎ᠡ ᠶᠢᠨ ᠬᠠᠤᠯᠢ》《 ᠠᠶᠠᠯᠠᠯ ᠵᠢᠭᠤᠯᠴᠢᠯᠠᠯ ᠤᠨ ᠬᠠᠤᠯᠢ》 ᠵᠢᠴᠢ ᠵᠠᠬ᠎ᠠ ᠵᠡᠬᠡᠯᠢ ᠶᠢᠨ ᠬᠡᠷᠡᠭᠯᠡᠬᠡ ᠪᠡᠷ ᠲᠠᠰᠤᠯᠪᠤᠷᠢ ᠵᠢᠴᠢ ᠬᠤᠯᠪᠤᠭᠳᠠᠯ ᠪᠦᠬᠦᠢ ᠦᠢᠯᠡᠴᠢᠯᠡᠬᠡᠨ ᠤ ᠦᠨ᠎ᠡ ᠶᠢ ᠦᠨᠳᠦᠰᠦᠯᠡᠨ ᠬᠦᠷᠦᠩᠬᠡ ᠤᠷᠤᠭᠤᠯᠤᠨ ᠡᠵᠡᠩᠨᠡᠵᠤ᠂ ᠠᠶᠢᠮᠠᠭ ᠬᠤᠳᠠ ᠶᠢᠨ ᠦᠨ᠎ᠡ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠶᠢᠮᠠᠬ ᠬᠤᠳᠠ ᠶᠢᠨ ᠵᠠᠬ᠎ᠠ ᠵᠡᠬᠡᠯᠢ ᠪᠡᠷ ᠲᠤᠬᠢᠷᠠᠭᠤᠯᠬᠤ ᠦᠨ᠎ᠡ ᠶᠢᠨ ᠬᠠᠮᠢᠶᠠᠷᠤᠯᠳᠠ ᠶᠢᠨ ᠦᠵᠡᠮᠦᠷᠢ ᠶᠢᠨ ᠵᠢᠬᠰᠠᠭᠠᠯ ᠳᠤ ᠤᠷᠤᠯᠠᠭᠤᠯᠤᠨ᠎ᠠ᠃

ᠦᠪᠦᠷ ᠮᠤᠩᠭ᠋ᠤᠯ᠂ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢᠨ ᠦᠨ᠎ᠡ ᠶᠢ ᠵᠠᠬ᠎ᠠ ᠵᠡᠬᠡᠯᠢ ᠪᠡᠷ ᠲᠤᠬᠢᠷᠠᠭᠤᠯᠤᠭᠰᠠᠨ ᠤ ᠲᠠᠷᠠᠭ᠎ᠠ ᠤᠯᠤᠰ ᠵᠢᠴᠢ ᠦᠪᠡᠷᠳᠡᠬᠡᠨ ᠵᠠᠰᠠᠬᠤ ᠤᠷᠤᠨ ᠤ ᠲᠠᠰᠤᠯᠪᠦᠷᠢ ᠶᠢᠨ ᠦᠨ᠎ᠡ ᠶᠢᠨ ᠬᠦᠩᠬᠡᠯᠳᠡ ᠶᠢᠨ ᠲᠦᠷᠦ ᠶᠢᠨ ᠪᠤᠳᠤᠯᠭ᠎ᠠ ᠶᠢ ᠦᠨᠳᠦᠰᠦᠯᠡᠨ ᠭᠠᠳᠠᠭᠠᠳᠤ ᠶᠢᠨ ᠵᠢᠭᠤᠯᠴᠢᠨ᠂ ᠲᠤᠬᠠᠢ ᠭᠠᠵᠠᠷ ᠤᠨ ᠵᠢᠭᠤᠯᠴᠢᠨ ᠪᠠ ᠭᠠᠳᠠᠷ ᠤᠷᠤᠨ ᠤ ᠵᠢᠭᠤᠯᠴᠢᠨ ᠬᠡᠵᠤ ᠬᠤᠶᠠᠷ ᠲᠦᠷᠤᠯ ᠤᠨ ᠲᠠᠰᠤᠯᠪᠦᠷᠢ ᠬᠤᠪᠢᠶᠠᠨ ᠬᠤᠳᠠᠯᠳᠤᠵᠤ ᠪᠤᠯᠬᠤ ᠦᠭᠡᠢ᠂ ᠬᠡᠦᠬᠡᠳ᠂ ᠰᠤᠷᠤᠭᠴᠢᠳ᠂ ᠨᠠᠰᠤᠳᠠᠨ᠂ ᠴᠡᠷᠢᠭ᠂ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠲᠤ ᠲᠤᠭᠳᠠᠭᠠᠯ ᠶᠤᠰᠤᠭᠠᠷ ᠬᠦᠩᠬᠡᠷᠡᠬᠦᠯᠬᠦ ᠲᠦᠷᠦ ᠶᠢᠨ ᠪᠤᠳᠤᠯᠭ᠎ᠠ ᠬᠡᠷᠡᠭᠵᠢᠬᠦᠯᠦᠨ᠎ᠡ ᠬᠡᠵᠤ ᠲᠣᠳᠤᠷᠬᠠᠢ ᠲᠤᠭᠳᠠᠭᠠᠵᠠᠢ᠃

ᠦᠪᠦᠷ ᠮᠤᠩᠭ᠋ᠤᠯ ᠱᠠᠭᠠᠷᠳᠠᠯᠭ᠎ᠠ ᠶᠤᠰᠤᠭᠠᠷ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢ ᠢᠯᠡ ᠵᠠᠷᠯᠠᠬᠤ ᠲᠤᠭᠳᠠᠭᠠᠯ ᠢ ᠬᠡᠷᠡᠭᠵᠢᠬᠦᠯᠵᠤ᠂ ᠦᠵᠡᠮᠦᠷᠢ ᠶᠢᠨ ᠪᠦᠰᠡ ᠳᠤ ᠲᠠᠰᠤᠯᠪᠤᠷᠢ ᠶᠢᠨ ᠦᠨ᠎ᠡ᠂ ᠬᠦᠩᠬᠡᠯᠳᠡ ᠶᠢᠨ ᠬᠡᠪᠴᠢᠶ᠎ᠡ᠂ ᠴᠢᠨᠠᠭᠰᠢᠯᠠᠪᠠᠯ ᠵᠢᠭᠤᠯᠴᠢᠯᠠᠯ ᠤᠨ ᠮᠠᠰᠢᠨ᠂ ᠵᠤᠭᠠᠯᠠᠬᠤ ᠵᠡᠪᠢ᠂ ᠮᠠᠰᠢᠨ ᠵᠤᠭᠰᠤᠭᠠᠬᠤ ᠭᠠᠵᠠᠷ ᠵᠡᠷᠬᠡ ᠵᠠᠮ ᠬᠠᠷᠢᠯᠴᠭᠠᠨ ᠤ ᠦᠢᠯᠡᠴᠢᠯᠡᠬᠡᠨ ᠤ ᠦᠨ᠎ᠡ ᠵᠢᠴᠢ ᠦᠨ᠎ᠡ ᠬᠠᠩᠰᠢ ᠶᠢ ᠢᠯᠡᠴᠢᠯᠡᠨ ᠮᠡᠳᠡᠬᠦᠯᠬᠦ ᠤᠳᠠᠰᠤ 12358 ᠶᠢ ᠢᠯᠡ ᠵᠠᠷᠯᠠᠬᠤ ᠶᠢᠨ ᠲᠠᠭᠠᠤ ᠨᠡᠶᠢᠬᠡᠮ ᠤᠨ ᠬᠢᠨᠠᠯᠳᠠ ᠶᠢ ᠬᠦᠯᠢᠶᠡᠵᠤ᠂ ᠦᠵᠡᠮᠦᠷᠢ ᠶᠢᠨ ᠪᠦᠰᠡ ᠶᠢᠨ ᠦᠨ᠎᠎ᠡ ᠶᠢᠨ ᠬᠠᠮᠢᠶᠠᠷᠤᠯᠳᠠ ᠢᠯᠠ ᠲᠤᠳᠤ ᠪᠠᠶᠢᠬᠤ ᠶᠢ ᠴᠢᠩᠭ᠋ᠠᠳᠬᠠᠨ᠎ᠠ ᠃

ᠲᠠᠰᠤᠯᠪᠦᠷᠢ ᠶᠢᠨ ᠦᠨ᠎ᠠ ᠶᠢᠨ ᠲᠤᠬᠢᠷᠠᠭᠤᠯᠤᠯᠳᠠ ᠶᠢᠨ ᠬᠡᠪᠴᠢᠶ᠎ᠡ ᠬᠡᠳᠤ ᠶᠡᠬᠡ ᠵᠦᠷᠢᠶ᠎ᠡ ᠲᠠᠢ ᠪᠦᠭᠡᠳ ᠲᠤᠬᠢᠷᠠᠭᠤᠯᠬᠤ ᠲᠠᠪᠳᠠᠮᠵᠢ ᠨᠡᠯᠢᠶᠡᠳ ᠬᠤᠷᠳᠤᠨ ᠦᠵᠡᠮᠦᠷᠢ ᠶᠢᠨ ᠪᠦᠰᠡ ᠳᠤ ᠦᠪᠦᠷ ᠮᠤᠩᠭ᠋ᠤᠯ ᠤᠨ ᠦᠨ᠎ᠡ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠱᠠᠭᠠᠷᠳᠠᠯᠭ᠎ᠠ ᠲᠠᠢ ᠦᠶ᠎ᠡ ᠳᠤ ᠬᠠᠮᠢᠶᠠᠷᠴᠤ ᠪᠤᠯᠤᠨ᠎ᠠ᠃ ᠦᠨ᠎ᠡ ᠶᠢᠨ ᠲᠠᠯ᠎ ᠠ ᠪᠡᠷ ᠤᠯᠠᠨᠳᠠ ᠢᠯᠡᠴᠢᠯᠡᠨ ᠮᠡᠳᠡᠬᠦᠯᠦᠭᠰᠡᠨ᠂ ᠨᠡᠶᠢᠬᠡᠮ ᠳᠤ ᠨᠦᠯᠦᠬᠡ ᠶᠡᠬᠡᠲᠠᠢ ᠦᠵᠡᠮᠦᠷᠢ ᠶᠢᠨ ᠪᠦᠰᠡ ᠶᠢᠨ ᠬᠠᠮᠢᠶᠠᠷᠤᠯᠳᠠ ᠶᠢᠨ ᠠᠷᠭ᠎ᠠ ᠳᠤ ᠲᠤᠬᠢᠷᠠᠭᠤᠯᠤᠯᠳᠠ ᠬᠢᠵᠤ ᠪᠤᠯᠤᠨ᠎ᠠ᠂ ᠵᠠᠬ᠎ᠠ ᠵᠡᠬᠡᠯᠢ ᠪᠡᠷ ᠲᠤᠬᠢᠷᠠᠭᠤᠯᠬᠤ ᠡᠴᠡ ᠪᠠᠨ ᠵᠠᠰᠠᠭ ᠤᠨ ᠤᠷᠳᠤᠨ ᠡᠴᠡ ᠦᠨ᠎ᠡ ᠶᠢ ᠵᠢᠯᠤᠭᠤᠳᠤᠨ ᠬᠠᠮᠢᠶᠠᠷᠬᠤ ᠠᠷᠭ᠎ᠠ ᠶᠢ ᠬᠡᠷᠡᠭᠵᠢᠬᠦᠯᠦᠨ᠎ᠡ᠃

ᠤᠳᠤᠬᠠᠨ ᠳᠤ ᠦᠪᠤᠷ ᠮᠤᠩᠭ᠋ᠤᠯ ᠠᠶᠠᠯᠠᠯ ᠵᠢᠭᠤᠯᠴᠢᠯᠠᠯ ᠤᠨ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢᠨ ᠦᠨ᠎ᠡ ᠪᠤᠯᠤᠨ ᠦᠵᠡᠮᠦᠷᠢ ᠶᠢᠨ ᠪᠦᠰᠡ ᠶᠢᠨ ᠵᠡᠷᠬᠡᠯᠡᠯ ᠲᠠᠢ ᠬᠤᠯᠪᠤᠭᠳᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠠᠶᠠᠯᠠᠯ ᠵᠢᠭᠤᠯᠴᠢᠯᠠᠯ ᠤᠨ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢ ᠵᠠᠷᠯᠠᠬᠤ ᠲᠤᠭᠳᠠᠭᠠᠯ ᠭᠠᠷᠭᠠᠵᠦ᠂ ᠠᠶᠠᠯᠠᠯ ᠵᠢᠭᠤᠯᠴᠢᠯᠠᠯ ᠤᠨ ᠲᠦᠯᠤᠪᠦᠷᠢ ᠬᠤᠷᠢᠶᠠᠬᠤ ᠪᠦᠬᠦ᠋ᠢᠯᠡ ᠲᠦᠷᠦᠯ ᠳᠤ ᠢᠯᠡ ᠵᠠᠷᠯᠠᠯᠳᠠ ᠬᠢᠵᠦ᠂ ᠦᠨ᠎ᠡ ᠬᠠᠩᠰᠢ ᠶᠢᠨ ᠲᠠᠯ᠎ ᠠ ᠪᠡᠷ ᠬᠠᠭᠤᠷᠴᠦ ᠮᠡᠬᠡᠯᠡᠬᠦ ᠠᠵᠢᠯᠯᠠᠭ᠎ᠠ ᠶᠢ ᠡᠷᠡᠰ ᠬᠤᠷᠢᠭᠯᠠᠨ᠎ᠠ᠃

ᠢᠷᠡᠯᠳᠡ᠄ ᠰᠢᠨᠬᠤᠸᠠ ᠬᠤᠷᠢᠶ᠎ᠠ

内蒙古20家景区门票实行市场调节价

记者近日从内蒙古自治区政府获悉,从9月1日起,内蒙古进一步放开响沙湾旅游区等20家原实行政府指导价管理景区的门票及其他服务价格,实行市场调节价。

据介绍,内蒙古响沙湾旅游区、杭锦旗七星湖沙漠生态旅游区、鄂尔多斯野生动物园、根河木屋度假村等20家景区实行市场调节价管理,由投资运营方根据《价格法》《旅游法》及市场需求自行确定门票及相关服务价格,由盟市价格主管部门列入盟市实行市场调节价管理景区目录清单。

内蒙古明确规定:景区门票实行市场调节价后,应按照国家及自治区门票价格优惠政策,不得区分中外游客、本地和外地游客设置两种门票价格;对儿童、学生、老年人、现役军人、残疾人等按规定实行减免等优惠政策。

内蒙古要求景区门票严格执行明码标价制度,在景区显著位置公示门票价格、优惠范围,包括缆车、观光车、游船、停车场等交通运输服务价格及12358价格投诉举报电话,接受社会监督,增加景区价格管理的透明度。

对门票价格调整幅度过高、调整频率过快的景区,内蒙古价格主管部门必要时可进行价格干预;对价格投诉率高、社会反响大的景区,可调整其管理形式,由实行市场调节价管理调整为实行政府指导价管理。

目前,内蒙古实行旅游景区门票价格与景区等级挂钩政策,建立旅游景区门票价格公告制度,对所有旅游收费项目进行公示,坚决杜绝价格欺诈行为。
作者:李云平

Posted in ᠠᠶᠠᠯᠠᠯ ᠵᠤᠭᠠᠴᠠᠯ|环保旅游 and tagged .