ᠲᠡᠭᠡᠳᠤ ᠰᠤᠷᠭᠠᠭᠤᠯᠢ ᠲᠡᠬᠥᠰᠦᠭᠰᠡᠳ ᠦᠨ ᠠᠵᠢᠯ ᠤᠯᠭᠤᠯᠳᠡ ᠵᠢᠨ ᠦᠢᠯᠡᠴᠢᠯᠡᠭᠡᠨ ᠦ高校毕业生就业服务周启动
ᠲᠡᠭᠡᠳᠤ ᠰᠤᠷᠭᠠᠭᠤᠯᠢ ᠲᠡᠬᠥᠰᠦᠭᠰᠡᠳ ᠦᠨ ᠠᠵᠢᠯ ᠤᠯᠭᠤᠯᠳᠡ ᠵᠢᠨ ᠦᠢᠯᠡᠴᠢᠯᠡᠭᠡᠨ ᠦ ᠭᠠᠷᠠᠭ ᠤᠨ ᠠᠵᠢᠯᠯᠠᠭ᠎ᠠ ᠡᠬᠢᠯᠡᠪᠡ
ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 11 ᠰᠠᠷ᠎ᠠ ᠵᠢᠨ 27 ᠤ ᠡᠳᠤᠷ ᠤᠨ ᠮᠡᠳᠡᠭᠡ (ᠰᠤᠷᠪᠤᠯᠵᠢᠯᠠᠭᠴᠢ ᠵᠤᠤ ᠪᠢᠩ ) 11 ᠰᠠᠷ᠎ᠠ ᠵᠢᠨ 27 ᠤ ᠡᠳᠤᠷ ᠡᠴᠠ 12 ᠰᠠᠷ᠎ᠠ ᠵᠢᠨ 10 ᠤ ᠡᠳᠤᠷ ᠪᠤᠯᠳᠠᠯ᠎ᠠ ᠂ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠢᠭᠡᠮ ᠦᠨ ᠪᠠᠳᠤᠯᠠᠭ᠎ᠠ ᠵᠢᠨ ᠶᠠᠮᠤᠨ 2017 ᠤᠨ ᠤ ᠪᠦᠬᠥ ᠤᠯᠤᠰ ᠤᠨ ᠬᠥᠮᠤᠨ ᠤ ᠬᠥᠴᠤᠨ ᠤ ᠡᠬᠢ ᠪᠠᠶᠠᠯᠢᠭ ᠤᠨ ᠵᠠᠬ᠎ᠠ ᠲᠡᠯᠭᠡᠬᠥᠷ ᠤᠨ ᠲᠡᠭᠡᠳᠤ ᠰᠤᠷᠭᠠᠭᠤᠯᠢ ᠲᠡᠬᠥᠰᠦᠭᠰᠡᠳ ᠤᠨ ᠠᠵᠢᠯ ᠤᠯᠭᠤᠯᠳᠡ ᠵᠢᠨ ᠦᠢᠯᠡᠴᠢᠯᠡᠭᠡᠨ ᠦ ᠭᠠᠷᠠᠭ ᠤᠨ ᠠᠵᠢᠯᠯᠠᠭ᠎ᠠ ᠵᠢ ᠶᠠᠪᠤᠭᠳᠠᠭᠤᠯᠤᠨ᠎ᠠ ᠃ ᠲᠤᠰ ᠠᠵᠢᠯᠯᠠᠭ᠎ᠠ ᠪᠤᠯ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠢᠭᠡᠮ ᠦᠨ ᠪᠠᠳᠤᠯᠠᠭ᠎ᠠ ᠵᠢᠨ ᠶᠠᠮᠤᠨ ᠡᠴᠠ ᠪᠦᠬᠥ ᠤᠯᠤᠰ ᠤᠨ ᠬᠡᠪᠴᠢᠶᠠᠨ ᠳ᠋ᠥ ᠨᠢᠭᠡᠳᠤᠯᠳᠠᠢ ᠪᠠᠢᠷᠢᠯᠠᠭᠤᠯᠵᠤ ᠂ ᠨᠢᠭᠡᠳᠤᠯᠳᠠᠢ ᠵᠤᠬᠢᠶᠠᠨ ᠪᠠᠢᠭᠤᠯᠵᠤ ᠦᠷᠨᠢᠬᠥᠯᠦᠭᠰᠡᠨ ᠲᠡᠭᠡᠳᠤ ᠰᠤᠷᠭᠠᠭᠤᠯᠢ ᠲᠡᠬᠥᠰᠦᠭᠰᠡᠳ ᠲᠤ ᠬᠠᠨᠳᠤᠭᠤᠯᠤᠭᠰᠠᠨ ᠠᠵᠢᠯ ᠤᠯᠭᠤᠯᠳᠡ ᠵᠢᠨ ᠦᠢᠯᠡᠴᠢᠯᠡᠭᠡᠨ ᠦ ᠲᠤᠰᠬᠠᠢ ᠠᠵᠢᠯᠯᠠᠭ᠎ᠠ ᠪᠤᠯᠤᠨ᠎ᠠ ᠃ 2003 ᠤᠨ ᠡᠴᠠ ᠡᠬᠢᠯᠡᠨ ᠨᠢᠭᠡᠨᠳᠡ ᠠᠷᠪᠠᠨ ᠲᠦᠷᠪᠡᠨ ᠬᠤᠭᠤᠴᠠᠭ᠎ᠠ ᠶᠠᠪᠤᠭᠳᠠᠭᠤᠯᠵᠠᠢ ᠂ ᠡᠨᠡ ᠵᠢᠯ ᠪᠤᠯ ᠠᠷᠪᠠᠨ ᠲᠠᠪᠤᠳᠤᠭᠠᠷ ᠬᠤᠭᠤᠴᠠᠭ᠎ᠠ ᠪᠤᠯᠤᠨ᠎ᠠ ᠃
ᠠᠵᠢᠯᠯᠠᠭ᠎ᠠ ᠵᠢᠨ ᠬᠤᠭᠤᠴᠠᠭᠠᠨ ᠳ᠋ᠥ ᠂ ᠡᠯ᠎ᠠ ᠭᠠᠵᠠᠷ ᠤᠨ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠢᠭᠡᠮ ᠤᠨ ᠪᠠᠳᠤᠯᠠᠭ᠎ᠠ ᠵᠢᠨ ᠰᠠᠯᠠᠭ᠎ᠠ ᠮᠦᠴᠢᠷ ᠲᠤᠰ ᠭᠠᠵᠠᠷ ᠤᠨ ᠤᠯᠠᠨ ᠨᠡᠢᠳᠡ ᠵᠢᠨ ᠠᠵᠢᠯ ᠤᠯᠭᠤᠯᠳᠡ ᠪᠠ ᠴᠢᠳᠠᠪᠤᠷᠢᠳᠠᠨ ᠤ ᠦᠢᠯᠡᠴᠢᠯᠡᠭᠡᠨ ᠦ ᠪᠠᠢᠭᠤᠯᠤᠮᠵᠢ ᠪᠤᠯᠤᠨ ᠡᠵᠡᠩᠨᠡᠯᠳᠡ ᠵᠢᠨ ᠴᠢᠨᠠᠷᠳᠠᠢ ᠬᠥᠮᠤᠨ ᠤ ᠬᠥᠴᠤᠨ ᠤ ᠡᠬᠢ ᠪᠠᠶᠠᠯᠢᠭ ᠤᠨ ᠦᠢᠯᠡᠴᠢᠯᠡᠭᠡᠨ ᠦ ᠪᠠᠢᠭᠤᠯᠤᠮᠵᠢ ᠵᠢ ᠵᠤᠬᠢᠶᠠᠨ ᠪᠠᠢᠭᠤᠯᠵᠤ ᠰᠦᠯᠵᠢᠶᠡᠨ ᠦ ᠤᠷᠢᠵᠤ ᠬᠡᠷᠡᠭᠯᠡᠬᠥ ᠴᠤᠭᠯᠠᠭᠠᠨ ᠂ ᠲᠤᠬᠠᠢ ᠵᠢᠨ ᠲᠠᠯᠠᠪᠠᠢ ᠵᠢᠨ ᠤᠷᠢᠵᠤ ᠬᠡᠷᠡᠭᠯᠡᠬᠥ ᠴᠤᠭᠯᠠᠭᠠᠨ ᠂ ᠬᠥᠮᠤᠨ ᠤ ᠬᠥᠴᠤᠨ ᠤ ᠡᠬᠢ ᠪᠠᠶᠠᠯᠢᠭ ᠤᠨ ᠦᠢᠯᠡᠴᠢᠯᠡᠭᠡᠨ ᠦ ᠠᠵᠤ ᠦᠢᠯᠡᠰ ᠦᠨ ᠬᠥᠷᠢᠶᠡᠯᠡᠩ ᠦᠨ ᠲᠤᠰᠬᠠᠢ ᠤᠷᠢᠵᠤ ᠬᠡᠷᠡᠭᠯᠡᠬᠥ ᠴᠤᠭᠯᠠᠭᠠᠨ ᠂ ᠠᠵᠢᠯ ᠤᠯᠭᠤᠯᠳᠡ ᠦᠢᠯᠡᠰ ᠴᠤᠭᠴᠠᠯᠠᠯᠳᠠ ᠵᠢᠨ ᠵᠢᠯᠤᠭᠤᠳᠤᠮᠵᠢ ᠂ ᠲᠦᠮᠡᠨ ᠠᠵᠤ ᠠᠬᠤᠢᠯᠠᠯ ᠤᠨ ᠬᠥᠮᠤᠨ ᠤ ᠬᠥᠴᠤᠨ ᠤ ᠡᠬᠢ ᠪᠠᠶᠠᠯᠢᠭ ᠤᠨ ᠲᠠᠭᠠᠭᠠᠮᠠᠯ ᠰᠤᠷᠭᠠᠭᠤᠯᠢ ᠵᠢᠨ ᠬᠥᠷᠢᠶᠡᠨ ᠳ᠋ᠥ ᠢᠷᠡᠬᠥ᠂ ᠠᠵᠢᠯ ᠤᠯᠭᠤᠯᠳᠡ ᠦᠢᠯᠡᠰ ᠴᠤᠭᠴᠠᠯᠠᠯᠳᠠ ᠵᠢᠨ ᠲᠦᠷᠤ ᠵᠢᠨ ᠪᠤᠳᠤᠯᠭ᠎ᠠ ᠠᠷᠭ᠎ᠠ ᠬᠡᠮᠵᠢᠶ᠎ᠠ ᠵᠢᠨ ᠤᠬᠠᠭᠤᠯᠭ᠎ᠠ ᠵᠡᠷᠭᠡ ᠠᠵᠢᠯᠯᠠᠭ᠎ᠠ ᠵᠢ ᠬᠠᠮᠳᠤ ᠪᠠᠷ ᠶᠠᠪᠤᠭᠤᠯᠵᠤ ᠂ ᠲᠡᠭᠡᠳᠤ ᠰᠤᠷᠭᠠᠭᠤᠯᠢ ᠲᠡᠬᠥᠰᠦᠭᠰᠡᠳ ᠲᠤ ᠤᠯᠠᠨ ᠶᠠᠩᠵᠤ ᠵᠢᠨ ᠠᠵᠢᠯ ᠤᠯᠭᠤᠯᠳᠡ ᠵᠢᠨ ᠦᠢᠯᠡᠴᠢᠯᠡᠭᠡ ᠬᠠᠩᠭᠠᠨ᠎ᠠ ᠃
ᠦᠢᠯᠡᠴᠢᠯᠡᠭᠡᠨ ᠦ ᠭᠠᠷᠠᠭ ᠤᠨ ᠬᠤᠭᠤᠴᠠᠭᠠᠨ ᠳ᠋ᠥ ᠂ ᠲᠡᠭᠡᠳᠤ ᠰᠤᠷᠭᠠᠭᠤᠯᠢ ᠲᠡᠬᠥᠰᠦᠭᠰᠡᠳ ᠲᠤᠮᠳᠠᠳᠤ ᠤᠯᠤᠰ ᠤᠨ ᠬᠥᠮᠤᠨ ᠤ ᠬᠥᠴᠤᠨ ᠤ ᠡᠬᠢ ᠪᠠᠶᠠᠯᠢᠭ ᠤᠨ ᠵᠠᠬ᠎ᠠ ᠲᠡᠯᠭᠡᠬᠥᠷ ᠤᠨ ᠰᠦᠯᠵᠢᠶ᠎ᠡ (www.chrm.gov.cn)᠂ ᠲᠤᠮᠳᠠᠳᠤ ᠤᠯᠤᠰ ᠤᠨ ᠤᠯᠠᠨ ᠨᠡᠢᠳᠡ ᠵᠢᠨ ᠤᠷᠢᠵᠤ ᠬᠡᠷᠡᠭᠯᠡᠬᠥ ᠰᠦᠯᠵᠢᠶ᠎ᠠ (www.cjob.gov.cn)᠂ ᠲᠤᠮᠳᠠᠳᠤ ᠤᠯᠤᠰ ᠤᠨ ᠤᠯᠤᠰ ᠤᠨ ᠴᠢᠳᠠᠪᠤᠷᠢᠳᠠᠨ ᠤ ᠰᠦᠯᠵᠢᠶ᠎ᠠ (www.newjobs.com.cn) ᠳ᠋ᠥ ᠤᠷᠤᠵᠤ ᠂ ᠠᠵᠢᠯᠯᠠᠭ᠎ᠠ ᠵᠢᠨ ᠲᠤᠰᠬᠠᠢ ᠪᠤᠯᠤᠩ ᠳ᠋ᠡᠬᠢ ᠪᠦᠬᠥ ᠤᠯᠤᠰ ᠤᠨ ᠰᠦᠯᠵᠢᠶᠠᠨ ᠤ ᠤᠷᠢᠵᠤ ᠬᠡᠷᠡᠭᠯᠡᠬᠥ ᠶᠡᠭᠡ ᠴᠤᠭᠯᠠᠭᠠᠨ ᠳᠥ ᠤᠷᠤᠯᠴᠠᠨ ᠠᠵᠢᠯ ᠡᠷᠢᠵᠤ ᠠᠵᠢᠯ ᠰᠤᠩᠭᠤᠵᠤ ᠪᠤᠯᠤᠨ᠎ᠠ ᠃
ᠢᠷᠡᠯᠲᠡ ᠄ ᠠᠷᠠᠳ ᠤᠨ ᠰᠦᠯᠵᠢᠶ᠎ᠡ
高校毕业生就业服务周启动
本报北京11月27日电 (记者赵兵)11月27日至12月10日,人社部举办2017年全国人力资源市场高校毕业生就业服务周活动。该活动是人社部在全国范围内统一部署、统一组织开展的,面向高校毕业生的专项就业服务活动。自2003年起,已举办十四届,今年是第十五届。
活动期间,各地人社部门组织本地公共就业人才服务机构和经营性人力资源服务机构共同举办网络招聘会、现场招聘会、人力资源服务产业园专场招聘、就业创业指导、万名企业人力资源经理进校园、就业创业政策措施宣传等活动,为高校毕业生提供多样化的就业服务。
今年活动将会更加关注国家级和省级人力资源服务产业园,发挥其集聚优势,积极发动园区内的人力资源服务机构举办专场招聘会。同时,中国人力资源市场网设立活动专区,链接到高校毕业生精准服务平台,平台将为毕业生提供职业能力测评,为用人单位提供职位建模功能,为供求双方提供精准智能匹配推送服务。
服务周期间,高校毕业生可登录中国人力资源市场网(www.chrm.gov.cn)、中国公共招聘网(www.cjob.gov.cn)、中国国家人才网(www.newjobs.com.cn),进入活动专区,参加全国网络招聘大会求职择业。