9 ᠮᠤᠵᠢ ᠤᠷᠤᠨ ᠬᠤᠳᠠ ᠲᠠᠷᠠᠭ᠎ᠠ ᠰᠠᠷ᠎ᠠ ᠡᠴᠠ ᠡᠬᠢᠯᠡᠨ ᠤᠰᠤᠨ ᠤ ᠡᠬᠢ ᠪᠠᠶᠠᠯᠢᠭ ᠤᠨ ᠭᠠᠢᠯᠢ ᠲᠠᠳᠠᠪᠤᠷᠢᠯᠠᠨ᠎ᠠ 9省份下月起开征水资源税

9 ᠮᠤᠵᠢ ᠤᠷᠤᠨ ᠬᠤᠳᠠ ᠲᠠᠷᠠᠭ᠎ᠠ ᠰᠠᠷ᠎ᠠ ᠡᠴᠠ ᠡᠬᠢᠯᠡᠨ ᠤᠰᠤᠨ ᠤ ᠡᠬᠢ ᠪᠠᠶᠠᠯᠢᠭ ᠤᠨ ᠭᠠᠢᠯᠢ ᠲᠠᠳᠠᠪᠤᠷᠢᠯᠠᠨ᠎ᠠ

ᠠᠷᠠᠳ ᠤᠨ ᠡᠳᠤᠷ  ᠤᠨ ᠰᠤᠨᠢᠨ  ᠤ ᠪᠡᠭᠡᠵᠢᠩ  ᠤᠨ 11 ᠰᠠᠷ᠎ᠠ ᠵᠢᠨ 28  ᠤ ᠡᠳᠤᠷ  ᠤᠨ ᠮᠡᠳᠡᠭᠡ (ᠰᠤᠷᠪᠤᠯᠵᠢᠯᠠᠭᠴᠢ ᠦ᠋ ᠴᠢᠤ ᠢᠤᠢ ) ᠡᠳ᠋ ᠦᠨ ᠵᠠᠰᠠᠭ ᠤᠨ ᠶᠠᠮᠤᠨ ᠂ ᠭᠠᠢᠯᠢ ᠵᠢᠨ ᠶᠠᠪᠤᠳᠠᠯ  ᠤᠨ ᠶᠡᠷᠤᠩᠭᠡᠢ ᠲᠤᠪᠴᠢᠶ᠎ᠠ ᠂ ᠤᠰᠤᠨ ᠠᠰᠢᠭᠯᠠᠯᠳᠠ ᠵᠢᠨ ᠶᠠᠮᠤᠨ 28 ᠤ ᠡᠳᠤᠷ 《ᠤᠰᠤᠨ ᠤ ᠡᠬᠢ ᠪᠠᠶᠠᠯᠢᠭ ᠤᠨ ᠭᠠᠢᠯᠢ ᠵᠢᠨ ᠦᠭᠡᠷᠡᠴᠢᠯᠠᠯᠳᠠ ᠵᠢᠨ ᠲᠤᠷᠰᠢᠯᠳᠠ ᠬᠢᠬᠥ ᠬᠡᠪᠴᠢᠶ᠎ᠠ ᠵᠢ ᠦᠷᠭᠡᠳᠭᠡᠬᠥ ᠲᠤᠬᠠᠢ ᠬᠡᠷᠡᠭᠵᠢᠬᠥᠯᠬᠥ ᠠᠷᠭ᠎ᠠ 》 (ᠲᠤᠷᠤᠭᠰᠢ 《ᠬᠡᠷᠡᠭᠵᠢᠬᠥᠯᠬᠥ ᠠᠷᠭ᠎ᠠ 》ᠭᠡᠵᠤ ᠲᠤᠪᠴᠢᠯᠠᠨ᠎ᠠ ) ᠵᠢ ᠨᠡᠢᠳᠡᠯᠡᠵᠤ ᠂ 12 ᠰᠠᠷ᠎ᠠ ᠵᠢᠨ 1 ᠤ ᠡᠳᠤᠷ ᠡᠴᠠ ᠡᠬᠢᠯᠡᠨ ᠂ ᠪᠡᠭᠡᠵᠢᠩ ᠂ ᠲᠢᠶᠠᠨᠵᠢᠨ ᠂ ᠱᠠᠨ ᠰᠢ ᠂ ᠦᠪᠤᠷ ᠮᠤᠩᠭᠤᠯ ᠂ ᠾᠧᠨᠠᠨ ᠂ ᠱᠠᠨᠳᠦᠢᠩ ᠂ ᠰᠧᠴᠤᠧᠠᠨ ᠂ ᠱᠠᠨᠰᠢ ᠂ ᠨᠢᠩᠰᠢᠶᠠ ᠵᠡᠷᠭᠡ 9 ᠮᠤᠵᠢ ᠤᠷᠤᠨ ᠬᠤᠳᠠ ᠵᠢ ᠤᠰᠤᠨ ᠤ ᠡᠬᠢ ᠪᠠᠶᠠᠯᠢᠭ ᠤᠨ ᠭᠠᠢᠯᠢ ᠵᠢᠨ ᠦᠭᠡᠷᠡᠴᠢᠯᠠᠯᠳᠠ ᠵᠢᠨ ᠲᠤᠷᠰᠢᠯᠳᠠ ᠬᠢᠬᠥ ᠬᠡᠪᠴᠢᠶᠡᠨ ᠳ᠋ᠥ ᠤᠷᠤᠭᠤᠯᠵᠤ ᠂ ᠤᠰᠤᠨ ᠤ ᠡᠬᠢ ᠪᠠᠶᠠᠯᠢᠭ ᠤᠨ ᠰᠦᠢᠳᠭᠡᠯ ᠲᠠᠳᠠᠪᠤᠷᠢᠯᠠᠵᠤ ᠪᠠᠢᠭᠰᠠᠨ ᠡᠴᠠ ᠤᠰᠤᠨ ᠤ ᠡᠬᠢ ᠪᠠᠶᠠᠯᠢᠭ ᠤᠨ ᠭᠠᠢᠯᠢ ᠲᠠᠳᠠᠪᠤᠷᠢᠯᠠᠬᠤ ᠪᠤᠯᠭᠠᠨ ᠦᠭᠡᠷᠡᠴᠢᠯᠡᠵᠤ ᠂ ᠲᠤᠷᠰᠢᠯᠳᠠ ᠬᠢᠬᠥ ᠬᠡᠪᠴᠢᠶ᠎ᠠ ᠵᠢ ᠦᠷᠭᠡᠳᠭᠡᠬᠥ ᠪᠡᠷ ᠲᠡᠮᠵᠢᠭᠤᠯᠤᠨ ᠂ ᠭᠠᠢᠯᠢ ᠲᠠᠳᠠᠪᠤᠷᠢ ᠵᠢᠨ ᠬᠥᠰᠢᠬᠥᠷᠭᠡ ᠵᠢᠨ ᠲᠤᠬᠢᠷᠠᠭᠤᠯᠬᠤ ᠦᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠵᠤ ᠂ ᠤᠰᠤ ᠬᠡᠷᠡᠭᠯᠡᠬᠥ ᠵᠦᠢ ᠵᠤᠬᠢᠰ ᠦᠭᠡᠢ ᠬᠡᠷᠡᠭᠴᠡᠭᠡ ᠵᠢ ᠪᠦᠳᠤᠮᠵᠢᠳᠡᠢ ᠬᠤᠷᠢᠭᠯᠠᠵᠤ ᠂ ᠤᠰᠤᠨ ᠤ ᠡᠬᠢ ᠪᠠᠶᠠᠯᠢᠭ ᠢ ᠠᠷᠪᠢᠯᠠᠵᠤ ᠬᠠᠮᠠᠭᠠᠯᠠᠬᠤ ᠵᠢ ᠠᠬᠢᠭᠤᠯᠤᠨ ᠂ ᠤᠰᠤᠨ  ᠤ ᠡᠬᠢ ᠪᠠᠶᠠᠯᠢᠭ ᠤᠨ ᠭᠠᠢᠯᠢ ᠵᠢᠨ ᠲᠦᠷᠢᠮ ᠢ ᠪᠦᠬᠥ ᠲᠠᠯ᠎ᠠ  ᠪᠡᠷ ᠶᠠᠪᠤᠭᠤᠯᠬᠤ ᠳ᠋ᠥ ᠲᠤᠷᠰᠢᠯᠭ᠎ᠠ ᠬᠤᠷᠠᠮᠳᠤᠭᠤᠯᠤᠨ ᠨᠦᠬᠥᠴᠡᠯ ᠡᠬᠥᠳᠤᠨ᠎ᠠ ᠃

ᠢᠷᠡᠯᠲᠡ ᠄ ᠠᠷᠠᠳ ᠤᠨ ᠰᠦᠯᠵᠢᠶ᠎ᠡ

9省份下月起开征水资源税

本报北京11月28日电 (记者吴秋余)财政部、税务总局、水利部28日发布《扩大水资源税改革试点实施办法》(以下简称《实施办法》),自12月1日起,北京、天津、山西、内蒙古、河南、山东、四川、陕西、宁夏9个省区市将纳入水资源税改革试点,由征收水资源费改为征收水资源税,通过扩大试点,进一步发挥税收杠杆调节作用,有效抑制不合理用水需求,促进水资源节约保护,为全面推开水资源税制度积累经验、创造条件。

Posted in ᠲᠠᠨ ᠤ ᠠᠩᠬᠠᠷᠤᠯ ᠳ᠋ᠤ|热点信息 and tagged .