ᠦᠪᠦᠷ ᠮᠣᠩᠭᠣᠯ ᠤᠨ ᠭᠤᠷᠪᠠᠨ ᠪᠦᠰᠡ ᠨᠤᠲᠤᠭ ᠤᠯᠤᠰ ᠳᠠᠶᠠᠭᠠᠷ ᠤᠨ···内蒙古三地占据全国最低气温前三席

ᠦᠪᠦᠷ ᠮᠣᠩᠭᠣᠯ ᠤᠨ ᠭᠤᠷᠪᠠᠨ ᠪᠦᠰᠡ ᠨᠤᠲᠤᠭ ᠤᠯᠤᠰ ᠳᠠᠶᠠᠭᠠᠷ ᠤᠨ ᠬᠠᠮᠤᠭ ᠤᠨ ᠳᠤᠤᠷ᠎ᠠ ᠠᠭᠠᠷ ᠤᠨ ᠳᠤᠯᠠᠭᠠᠨ ᠤ ᠲᠦᠷᠦᠬᠦᠦ ᠭᠤᠷᠪᠠ ᠳᠤ ᠵᠢᠬᠰᠠᠪᠠ

ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ 11 ᠰᠠᠷ᠎ᠠ ᠶᠢᠨ 29 ᠤ ᠡᠳᠦᠷ ᠡᠴᠡ 12 ᠰᠠᠷ᠎ᠠ ᠶᠢᠨ 2 ᠤᠨ ᠡᠳᠦᠷ ᠪᠤᠯᠲᠠᠯ᠎ᠠ᠂ ᠬᠦᠢᠲᠡᠨ ᠤᠷᠤᠰᠬᠠᠯ ᠦᠷᠭᠦᠯᠵᠢᠯᠡᠨ ᠦᠪᠦᠷ ᠮᠣᠩᠭᠣᠯ ᠢ ᠨᠦᠯᠦᠭᠡᠯᠡᠨ᠎ᠠ᠃ ᠬᠦᠯᠦᠨ ᠪᠤᠶᠢᠷ ᠬᠤᠲᠠ ᠶᠢᠨ ᠭᠡᠭᠡᠨ ᠭᠤᠤᠯ ᠬᠤᠲᠠ ᠶᠢᠨ ᠠᠭᠠᠷ ᠤᠨ ᠳᠤᠯᠠᠭᠠᠨ ᠲᠡᠭ ᠡᠴᠡ ᠳᠤᠷᠤᠭᠰᠢ 33 ᠭ᠍ᠷᠠᠳ᠋ᠦ᠋ᠰ ᠲᠤ ᠬᠦᠷᠴᠤ᠂ ᠮᠠᠨᠵᠤᠤᠷ ᠬᠤᠲᠠ ᠪᠤᠯᠤᠨ ᠬᠠᠶᠢᠯᠠᠷ ᠬᠤᠲᠠ ᠶᠢᠨ ᠠᠭᠠᠷ ᠤᠨ ᠳᠤᠯᠠᠭᠠᠨ ᠲᠤᠰ ᠪᠦᠷᠢ ᠲᠡᠭ ᠡᠴᠡ ᠳᠤᠷᠤᠭᠰᠢ 30 ᠭ᠍ᠷᠠᠳ᠋ᠦ᠋ᠰ ᠪᠤᠯᠤᠨ ᠲᠡᠭ ᠡᠴᠡ ᠳᠤᠷᠤᠭᠰᠢ 29 ᠭ᠍ᠷᠠᠳ᠋ᠦ᠋ᠰ ᠲᠤ ᠬᠦᠷᠴᠤ᠂ ᠤᠯᠤᠰ ᠳᠠᠶᠠᠭᠠᠷ ᠤᠨ ᠬᠠᠮᠤᠭ ᠤᠨ ᠳᠤᠤᠷ᠎ᠠ ᠠᠭᠠᠷ ᠤᠨ ᠳᠤᠯᠠᠭᠠᠨ ᠤ ᠲᠦᠷᠦᠬᠦᠦ ᠭᠤᠷᠪᠠ ᠳᠤ ᠵᠢᠬᠰᠠᠪᠠ᠃

ᠡᠪᠤᠯ ᠤᠷᠤᠭᠰᠠᠨ ᠡᠴᠡ ᠨᠠᠰᠢ᠂ ᠦᠪᠦᠷ ᠮᠣᠩᠭᠣᠯ ᠤᠨ ᠳᠤᠮᠳᠠ ᠪᠠᠷᠠᠭᠤᠨ ᠪᠦᠰᠡ ᠨᠤᠲᠤᠭ ᠤᠨ《ᠬᠦᠢᠲᠡᠨ ᠤ ᠮᠡᠳᠡᠷᠡᠮᠵᠢ》ᠳᠤᠪᠤᠶᠢᠮ᠎ᠠ ᠪᠤᠯᠪᠠᠴᠤ ᠴᠠᠰᠤ ᠤᠷᠤᠬᠰᠠᠨ ᠦᠬᠡᠢ᠂ ᠴᠠᠭ ᠠᠭᠠᠷ ᠮᠠᠰᠢ ᠬᠠᠭᠤᠷᠠᠢ ᠪᠠᠶᠢᠪᠠ᠃ ᠬᠢᠨᠠᠨ ᠬᠡᠮᠵᠢᠯᠲᠠ ᠪᠡᠷ᠂ ᠤᠳᠤᠬᠠᠨ ᠳᠤ ᠬᠠᠳᠤᠨ ᠭᠤᠤᠯ ᠤᠨ ᠦᠪᠦᠷ ᠮᠣᠩᠭᠣᠯ ᠳ᠋ᠡᠬᠢ ᠬᠡᠰᠡᠭ ᠮᠦᠰᠦᠳᠡᠵᠤ ᠡᠬᠢᠯᠡᠪᠡ᠃ ᠡᠭᠦᠨ ᠳᠤ᠂ ᠪᠠᠶᠠᠨᠨᠠᠭᠤᠷ ᠬᠤᠲᠠ ᠶᠢᠨ ᠡᠦ᠋ᠶᠤᠸᠠᠨ ᠰᠢᠶᠠᠨ ᠤ ᠬᠡᠰᠡᠭ ᠡᠴᠡ ᠸᠠᠨ ᠵᠢᠶᠠ ᠵᠠᠢ ᠴᠦᠬᠦᠷᠦᠮ ᠤᠨ ᠬᠡᠰᠡᠭ ᠬᠦᠷᠬᠦ ᠰᠦᠩ ᠬᠠᠯᠢᠶ᠎ᠠ ᠶᠢᠨ ᠤᠷᠳᠤ ᠨᠢ 486 ᠺᠢᠯᠤᠮᠸᠲ᠋ᠷ ᠲᠤ ᠬᠦᠷᠴᠤ᠂ ᠨᠢᠬᠲᠠᠴᠠ ᠨᠢ 5% ᠡᠴᠡ 60% ᠶᠢᠨ ᠬᠤᠭᠤᠷᠤᠨᠳᠤ ᠪᠠᠶᠢᠵᠤ ᠤᠰᠤᠨ ᠤ ᠲᠦᠪᠰᠢᠨ ᠲᠤᠭᠲᠠᠭᠤᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ

内蒙古三地占据全国最低气温前三席

本网讯 (内蒙古日报社融媒体记者 石向军) 记者从自治区气象局获悉,11月29日至12月2日,冷空气持续影响我区。其中,呼伦贝尔市根河市气温降至零下33℃,满洲里市、海拉尔市分别达到零下30℃和零下29℃,占据了全国最低气温前三席。

  入冬以来,我区中西部地区“冻感”十足,却无雨雪,天气变得十分干燥。另据监测,目前,黄河内蒙古段已经出现流凌。其中,巴彦淖尔市五原三段至万家寨库区河段流凌长度达到486千米,流凌密度为5%至60%,水位平稳。

Posted in ᠲᠠᠨ ᠤ ᠠᠩᠬᠠᠷᠤᠯ ᠳ᠋ᠤ|热点信息 and tagged .