ᠬᠦᠬᠡᠬᠤᠲᠠ ᠶᠢᠨ ᠦᠨᠳᠦᠰᠦᠲᠡᠨ  ᠤ ᠤᠷᠠᠨ ᠵᠢᠷᠤᠭ ᠤᠨ ᠤᠷᠳᠤᠨ 呼和浩特民族美术馆开始招募志愿者

ᠬᠦᠬᠡᠬᠤᠲᠠ ᠶᠢᠨ ᠦᠨᠳᠦᠰᠦᠲᠡᠨ  ᠤ ᠤᠷᠠᠨ ᠵᠢᠷᠤᠭ ᠤᠨ ᠤᠷᠳᠤᠨ ᠰᠠᠶᠢᠨ ᠲᠤᠷᠠᠲᠠᠳ ᠡᠯᠰᠡᠵᠤ ᠡᠬᠢᠯᠡᠪᠡ

ᠬᠦᠬᠡᠬᠤᠲᠠ ᠶᠢᠨ ᠦᠨᠳᠦᠰᠦᠲᠡᠨ  ᠤ ᠤᠷᠠᠨ ᠵᠢᠷᠤᠭ ᠤᠨ ᠤᠷᠳᠤᠨ ᠰᠠᠶᠢᠨ ᠲᠤᠷᠠᠲᠠᠳ ᠡᠯᠰᠡᠵᠤ ᠡᠬᠢᠯᠡᠯ᠎ᠠ᠂ ᠰᠠᠶᠢᠨ ᠲᠤᠷ᠎ᠠ ᠶᠢᠨ ᠦᠢᠯᠡᠴᠢᠯᠡᠭᠡ ᠳᠤ ᠤᠷᠤᠯᠴᠠᠬᠤ ᠳᠤᠷᠠᠲᠠᠢ ᠬᠦᠮᠦᠰ ᠨᠡᠷ᠎ᠠ ᠪᠡᠨ ᠪᠦᠷᠢᠳᠭᠡᠭᠦᠯᠵᠤ ᠪᠤᠯᠤᠨ᠎ᠠ᠃

ᠬᠡᠷᠪᠡ ᠲᠠ ᠤᠳᠬ᠎ᠠ ᠤᠷᠠᠯᠢᠭ ᠲᠤ ᠬᠠᠶᠢᠷ᠎ᠠ ᠰᠡᠳᠭᠢᠯᠭᠡ ᠲᠠᠢ ᠪᠦᠭᠡᠳ ᠨᠡᠩ ᠤᠯᠠᠨ ᠬᠦᠮᠦᠰ ᠲᠤ ᠳᠤᠰᠠᠯᠠᠨ ᠬᠤᠪᠢᠷᠠᠭᠤᠯᠵᠤ ᠳᠡᠭᠡᠭ᠍ᠰᠢᠯᠡᠭᠦᠯᠬᠦ ᠶᠢ ᠬᠦᠰᠡᠳᠡᠭ ᠪᠤᠯ᠂ ᠮᠦᠨ 10 ᠡᠴᠡ 70 ᠨᠠᠰᠤᠨ ᠤ ᠬᠤᠭᠤᠷᠤᠨᠲᠤ ᠪᠠᠶᠢᠭ᠎ᠠ ᠪᠤᠯ ᠴᠦᠮ ᠤᠷᠠᠨ ᠵᠢᠷᠤᠭ ᠤᠨ ᠤᠷᠳᠤᠨ ᠤ ᠰᠠᠶᠢᠨ ᠳᠤᠷᠠᠲᠠᠳ ᠪᠤᠯᠵᠤ ᠪᠤᠯᠤᠨ᠎ᠠ᠃ ᠲᠠ ᠦᠪᠡᠷ ᠤᠨ ᠲᠤᠰᠬᠠᠢ ᠮᠡᠷᠭᠡᠵᠢᠯ᠂ ᠴᠢᠳᠠᠪᠤᠷᠢ ᠪᠤᠯᠤᠨ ᠪᠠᠬ᠎ᠠ ᠰᠤᠨᠢᠷᠬᠠᠯ ᠢᠶᠡᠨ ᠦᠨᠳᠦᠰᠦᠯᠡᠨ ᠦᠵᠡᠭᠴᠢᠳ ᠢ ᠳᠠᠭᠠᠭᠤᠯᠤᠨ ᠰᠤᠨᠢᠷᠬᠠᠭᠤᠯᠵᠤ ᠲᠠᠨᠢᠯᠴᠠᠭᠤᠯᠬᠤ᠂ ᠤᠷᠳᠤᠨ ᠤ ᠬᠠᠮᠢᠶ᠎ᠠ ᠪᠦᠬᠦᠢ ᠵᠡᠷᠯᠡᠯ ᠮᠡᠳᠡᠭᠳᠡᠯ ᠪᠤᠶᠤ ᠨᠢᠭᠤᠷ ᠬᠠᠭᠤᠳᠠᠰᠤ ᠲᠦᠰᠦᠪᠯᠡᠬᠦ ᠳᠤ ᠤᠷᠤᠯᠴᠠᠬᠤ᠂ ᠤᠷᠳᠤᠨ ᠤ ᠲᠤᠳᠤᠭᠠᠳᠤᠬᠢ ᠠᠵᠢᠯᠯᠠᠭ᠎ᠠ ᠳᠤ ᠤᠷᠤᠯᠴᠠᠬᠤ ᠵᠡᠷᠭᠡ ᠬᠠᠷᠠᠭᠠᠯᠵᠠᠭᠰᠠᠨ ᠠᠵᠢᠯ ᠢᠶᠡᠨ ᠰᠤᠩᠭ᠋ᠤᠵᠤ ᠪᠤᠯᠤᠨ᠎ᠠ᠃ ᠤᠷᠠᠨ ᠵᠢᠷᠤᠭ ᠤᠨ ᠤᠷᠳᠤᠨ ᠤ ᠰᠠᠶᠢᠨ ᠲᠤᠷᠠᠳᠠᠨ ᠪᠤᠯᠪᠠᠯ ᠤᠷᠳᠤᠨ ᠤ ᠳᠤᠲᠤᠷᠠᠬᠢ ᠦᠵᠡᠰᠭᠦᠯᠡᠩ ᠢ ᠤᠷᠢᠳᠠᠵᠤ ᠰᠤᠨᠢᠷᠬᠠᠬᠤ ᠪᠡᠷ ᠪᠠᠷᠠᠬᠤ ᠦᠭᠡᠢ ᠤᠯᠤᠰ ᠤᠨ ᠲᠤᠳᠤᠭᠠᠲᠤ ᠪᠤᠯᠤᠨ ᠤᠯᠠᠨ ᠤᠯᠤᠰ ᠤᠨ ᠲᠤᠰᠬᠠᠢ ᠮᠡᠷᠭᠡᠵᠢᠯ ᠤᠨ ᠡᠷᠳᠡᠮᠲᠡᠳ᠂ ᠤᠷᠠᠯᠢᠭᠴᠢᠳ ᠪᠤᠯᠤᠨ ᠤᠷᠠᠨ ᠵᠢᠷᠤᠭ ᠤᠨ ᠤᠷᠳᠤᠨ ᠤ ᠬᠦᠷᠢᠶᠡᠨ ᠳ᠋ᠡᠬᠢ ᠮᠡᠷᠭᠡᠵᠢᠯ ᠤᠨ ᠬᠦᠮᠦᠰ ᠲᠠᠢ ᠠᠭᠤᠯᠵᠠᠬᠤ ᠪᠤᠯᠤᠮᠵᠢ ᠲᠠᠢ᠂ ᠡᠭᠦᠨ ᠤ ᠵᠡᠷᠬᠡᠴᠡᠬᠡ ᠤᠯᠠᠨᠳᠠ ᠪᠤᠯᠪᠠᠰᠤᠷᠠᠯ ᠳᠤ ᠤᠷᠤᠯᠴᠠᠬᠤ ᠲᠤᠬᠢᠶᠠᠯ ᠲᠠᠢ ᠪᠦᠭᠡᠳ ᠶᠠᠷᠢᠵᠤ ᠢᠯᠡᠳᠭᠡᠬᠦ ᠴᠢᠳᠠᠪᠤᠷᠢ ᠪᠤᠶᠤ ᠬᠠᠮᠢᠶ ᠠ ᠪᠦᠬᠦᠢ ᠴᠢᠳᠠᠪᠤᠷᠢ ᠪᠡᠨ ᠳᠡᠭᠡᠭ᠍ᠰᠢᠯᠡᠭᠦᠯᠵᠤ ᠴᠢᠳᠠᠨ᠎ᠠ᠃ ᠨᠢᠭᠡ ᠵᠢᠯ ᠤᠨ ᠬᠤᠭᠤᠴᠠᠭᠠᠨ ᠳᠤ ᠤᠷᠠᠨ ᠵᠢᠷᠤᠭ ᠤᠨ ᠤᠷᠳᠤᠨ ᠳᠤ ᠦᠢᠯᠡᠴᠢᠯᠡᠭᠰᠡᠨ ᠬᠤᠭᠤᠴᠠᠭ᠎ᠠ ᠨᠢ 64 ᠴᠠᠭ ᠢ ᠬᠡᠳᠦᠷᠡᠭᠰᠡᠭᠡᠷ ᠬᠢᠨᠠᠨ ᠰᠢᠯᠭᠠᠯᠲᠠ ᠶᠢ ᠦᠩᠭᠡᠷᠡᠵᠤ ᠰᠢᠯᠢᠳᠡᠭ ᠰᠠᠶᠢᠨ ᠳᠤᠷᠠᠳᠠᠳ ᠤᠨ ᠰᠢᠯᠭᠠᠷᠠᠭᠤᠯᠤᠯᠲᠠ ᠳᠤ ᠤᠷᠤᠯᠴᠠᠬᠤ ᠡᠷᠬᠡ ᠲᠠᠢ ᠪᠤᠯᠬᠤ ᠶᠤᠮ ᠪᠠᠶᠢᠨ᠎ᠠ᠃ ᠨᠡᠷ᠎ᠠ ᠪᠡᠨ ᠪᠦᠷᠢᠳᠭᠡᠭᠦᠯᠬᠦ ᠰᠠᠨᠠᠭᠠᠲᠠᠢ ᠬᠦᠮᠦᠰ ᠬᠦᠬᠡᠬᠤᠲᠠ ᠶᠢᠨ ᠤᠷᠠᠨ ᠵᠢᠷᠤᠭ ᠤᠨ ᠤᠷᠳᠤᠨ ᠤ ᠸᠢᠴᠠᠲ ᠤᠨ ᠲᠠᠪᠴᠠᠩ ᠢ ᠠᠩᠬᠠᠷᠴᠤ ᠨᠡᠷ᠎ᠠ ᠪᠡᠷ ᠪᠦᠷᠢᠳᠭᠡᠭᠦᠯᠦᠭᠡᠷᠡᠢ᠃

ᠢᠷᠡᠯᠳᠡ᠄ ᠬᠦᠬᠡᠬᠤᠲᠠ ᠶᠢᠨ ᠤᠷᠤᠢ ᠶᠢᠨ ᠰᠤᠨᠢᠨ

呼和浩特民族美术馆开始招募志愿者

呼和浩特民族美术馆开始招募志愿者,愿意参加志愿服务的朋友可以报名了。

只要你对艺术有情怀,并且有意愿帮助更多人去改变去提升,年龄在10至70岁之间,都可以成为美术馆的志愿者。你可以根据自身专业、特长和兴趣爱好来选择相应的工作,对观众进行导览讲解,参与美术馆相关海报或册页设计,参与美术馆内活动,包括公教活动、开幕式及研讨会、讲座等。成为美术馆的志愿者不仅可以优先参观馆内所有的展览,还有机会接触国内和国际的专业学者、艺术家和美术馆界专业人士,并且获得更多培训机会,也可以锻炼并提高口才和其他相应的能力,展示你的风采。只要于一年内在美术馆服务时长满64小时且经过考核,可参与评选优秀志愿者。想要报名的朋友可以关注呼和浩特民族美术馆微信公众号,点击志愿者报名进入链接填表报名。

Posted in ᠡᠷᠢᠵᠦ ᠰᠤᠷᠠᠭᠯᠠᠬᠤ ᠲᠠᠪᠴᠠᠩ| 招聘信息.