ᠦᠪᠦᠷ ᠮᠤᠩᠭᠤᠯ᠄ ᠦᠨᠦᠲᠦᠷ ᠡᠴᠡ ᠡᠬᠢᠯᠡᠨ ᠲᠠᠬᠢᠨ ᠬᠦᠢᠳᠡᠷᠡᠨ ···内蒙古13日起多地将迎今冬初雪 呼和浩特等地有中雪

ᠦᠪᠦᠷ ᠮᠤᠩᠭᠤᠯ᠄ ᠦᠨᠦᠲᠦᠷ ᠡᠴᠡ ᠡᠬᠢᠯᠡᠨ ᠲᠠᠬᠢᠨ ᠬᠦᠢᠳᠡᠷᠡᠨ ᠤᠷᠤᠨ ᠤ ᠲᠦᠪ ᠬᠦᠬᠡᠬᠤᠲᠠ ᠳ᠋ᠤ ᠠᠩᠬᠠᠨ ᠤ ᠴᠠᠰᠤ ᠤᠨᠠᠨ᠎ᠠ

ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠᠨ ᠡᠴᠡ ᠤᠶᠢᠯᠠᠭᠠᠭᠰᠠᠨ ᠶᠢᠡᠷ 13 ᠤ ᠡᠲᠦᠷ ᠡᠴᠡ 15 ᠤ ᠡᠲᠦᠷ ᠪᠤᠯᠲᠠᠯ᠎ᠠ ᠦᠪᠦᠷ ᠮᠤᠩᠭᠤᠯ ᠤᠨ ᠪᠠᠷᠠᠭᠤᠨ ᠪᠦᠰᠡ ᠶᠢᠨ ᠵᠡᠬᠦᠨ ᠬᠡᠰᠡᠭ᠂ ᠲᠤᠮᠲᠠ ᠪᠦᠰᠡ ᠶᠢᠨ ᠶᠡᠬᠡᠩᠬᠢ ᠬᠡᠰᠡᠭ ᠶᠢᠡᠷ ᠴᠠᠰᠤ ᠤᠷᠤᠵᠤ ᠬᠦᠢᠲᠡᠷᠡᠬᠦ ᠪᠤᠯᠤᠨ᠎ᠠ᠃

13 ᠤ ᠡᠲᠦᠷ ᠤᠨ 20᠄ 00 ᠴᠠᠭ ᠡᠴᠡ 15 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭᠤᠯ ᠤᠨ ᠠᠯᠠᠱᠠ ᠶᠢᠨ ᠵᠡᠬᠦᠨ ᠪᠦᠰᠡ᠂ ᠦᠬᠠᠢ᠂ ᠪᠠᠶᠠᠨᠨᠠᠭᠤᠷ᠂ ᠤᠷᠲᠤᠰ᠂ ᠪᠤᠭᠤᠲᠤ᠂ ᠬᠦᠬᠡᠬᠤᠲᠠ᠂ ᠤᠯᠠᠭᠠᠨᠴᠠᠪ᠂ ᠰᠢᠯᠢ ᠶᠢᠨ ᠭᠤᠤᠯ᠂ ᠬᠢᠩᠭᠠᠨ ᠤ ᠪᠠᠷᠠᠭᠤᠨ ᠪᠦᠰᠡ᠂ ᠬᠦᠯᠦᠨ ᠪᠤᠶᠢᠷ ᠤᠨ ᠲᠤᠮᠲᠠ ᠬᠤᠶᠢᠲᠤ ᠪᠦᠰᠡ ᠳ᠋ᠤ ᠴᠠᠰᠤ ᠤᠷᠤᠨ᠎ᠠ᠃ ᠡᠭᠦᠨ ᠳ᠋ᠤ ᠤᠷᠲᠤᠰ ᠤᠨ ᠵᠡᠬᠦᠨ ᠪᠦᠰᠡ᠂ ᠪᠤᠭᠤᠲᠤ ᠶᠢᠨ ᠡᠮᠦᠨ᠎ᠡ ᠪᠦᠰᠡ᠂ ᠬᠦᠬᠡᠬᠤᠲᠠ ᠶᠢᠨ ᠲᠤᠮᠲᠠ ᠡᠮᠦᠨ᠎ᠡ ᠪᠦᠰᠡ᠂ ᠤᠯᠠᠭᠠᠨᠴᠠᠪ ᠤᠨ ᠪᠠᠷᠠᠭᠤᠨ ᠡᠮᠦᠨ᠎ᠡ ᠪᠦᠰᠡ ᠳ᠋ᠤ ᠲᠤᠮᠲᠠ ᠵᠡᠷᠭᠡ ᠶᠢᠨ ᠴᠠᠰᠤ ᠤᠷᠤᠨ᠎ᠠ᠃ ᠬᠦᠢᠲᠠᠨ ᠠᠭᠤᠷ ᠠᠮᠢᠰᠬᠤᠯ ᠤᠨ ᠨᠦᠯᠦᠭᠡ ᠪᠡᠷ ᠤᠷᠤᠨ ᠲᠠᠶᠠᠭᠠᠷ ᠳ᠋ᠤ 4 – 5 ᠲᠡᠰ ᠤᠨ ᠰᠠᠯᠬᠢᠨ ᠲᠠᠢ᠃

14 ᠤ ᠡᠲᠦᠷ ᠤᠨ 8᠄ 00 ᠴᠠᠭ ᠡᠴᠡ 15 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭᠤᠯ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠲᠤᠯᠠᠭᠠᠨ 6 – 8 ᠭᠷᠠᠳᠦ᠋ᠰ ᠬᠦᠢᠲᠡᠷᠡᠨ᠂ ᠤᠨᠴᠠᠭᠠᠶᠢᠯᠠᠨ ᠪᠤᠭᠤᠲᠤ ᠶᠢᠨ ᠵᠡᠬᠦᠨ ᠪᠦᠰᠡ᠂ ᠬᠦᠬᠡᠬᠤᠲᠠ᠂ ᠤᠯᠠᠭᠠᠨᠴᠠᠪ ᠤᠨ ᠡᠮᠦᠨ᠎ᠡ ᠪᠦᠰᠡ᠂ ᠰᠢᠯᠢ ᠶᠢᠨ ᠭᠤᠤᠯ ᠤᠨ ᠡᠮᠦᠨ᠎ᠡ ᠪᠦᠰᠡ᠂ ᠤᠯᠠᠭᠠᠨᠬᠠᠲᠠ ᠶᠢᠨ ᠡᠮᠦᠨ᠎ᠡ ᠪᠦᠰᠡ᠂ ᠲᠦᠩᠯᠢᠶᠤᠤ ᠶᠢᠨ ᠡᠮᠦᠨ᠎ᠡ ᠪᠦᠰᠡ ᠶᠢᠨ ᠠᠭᠠᠷ ᠤᠨ ᠲᠤᠯᠠᠭᠠᠨ 8 – 10 ᠭᠷᠠᠳᠦ᠋ᠰ ᠬᠦᠶᠲᠡᠷᠡᠬᠦ ᠪᠤᠯᠤᠨ᠎ᠠ᠃ ᠴᠠᠰᠤ ᠤᠷᠤᠵᠤ ᠲᠡᠭᠷᠢ ᠬᠦᠢᠲᠡᠷᠡᠬᠦ ᠪᠡᠷ ᠲᠤᠯᠠᠭᠠᠯᠠᠭ᠎ᠠ ᠶᠢᠨ ᠠᠵᠢᠯ ᠶᠢᠡᠨ ᠰᠠᠶᠢᠲᠦᠷ ᠬᠢᠵᠦ᠂ ᠬᠠᠮᠢᠶᠠᠲᠠᠢ ᠭᠠᠵᠠᠷ ᠪᠠ ᠰᠠᠯᠠᠭ᠎ᠠ ᠮᠦᠴᠢᠷ ᠤᠨ ᠬᠢᠨ ᠬᠦᠲᠡᠭᠡ ᠤᠷᠤᠨ ᠨᠤᠲᠤᠭ ᠤᠨ ᠮᠠᠯ ᠲᠠᠷᠢᠶᠠᠯᠠᠩ ᠭᠠᠮᠰᠢᠭ ᠲᠤ ᠤᠴᠠᠷᠠᠬᠤ ᠡᠴᠡ ᠰᠡᠷᠭᠡᠶᠢᠯᠡᠬᠦ ᠠᠵᠢᠯ ᠢ ᠤᠷᠢᠳᠴᠢᠯᠠᠨ ᠬᠢᠬᠦ ᠶᠢ ᠴᠠᠭ ᠠᠭᠤᠷ ᠤᠨ ᠲᠤᠰᠬᠠᠢ ᠮᠡᠷᠭᠡᠵᠢᠯᠲᠡᠨ ᠡᠴᠡ ᠰᠠᠨᠠᠭᠤᠯᠵᠤ ᠪᠠᠶᠢᠨ᠎ᠠ᠃

内蒙古天气:内蒙古13日起多地将迎今冬初雪 呼和浩特等地有中雪

预计,13-15日内蒙古西部偏东和中部大部地区将出现今冬首场明显降雪天气,鄂尔多斯市东部、包头市南部、呼和浩特市南部有中雪。同时,全区大部气温下降6~8℃,局地8~10℃。

Posted in ᠲᠠᠨ ᠤ ᠠᠩᠬᠠᠷᠤᠯ ᠳ᠋ᠤ|热点信息 and tagged .