2017 ᠤᠨ ᠪᠤᠯ ᠥᠪᠤᠷ ᠮᠣᠩ᠋ᠭᠤᠯ ᠤᠨ 56 ᠵᠢᠯ ᠤᠨ··· 2017年内蒙古平均气温为56年来最热一年

 

2017 ᠤᠨ ᠪᠤᠯ ᠥᠪᠤᠷ ᠮᠣᠩ᠋ᠭᠤᠯ ᠤᠨ 56 ᠵᠢᠯ ᠤᠨ ᠲᠤᠷᠰᠢ ᠬᠠᠮᠤᠭ ᠤᠨ ᠬᠠᠯᠠᠭᠤᠨ ᠵᠢᠯ ᠪᠤᠯᠪᠠ

ᠬᠠᠬᠢᠷ ᠬᠦᠢᠲᠠᠨ  ᠢᠶᠡᠷ ᠠᠯᠳᠠᠷᠰᠢᠬᠰᠠᠨ ᠳᠤᠮᠳᠠᠳᠤ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠪᠤᠯᠬᠤ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠨᠢ 2017 ᠤᠨ ᠳᠤ ᠬᠠᠷᠢᠨ ᠬᠤᠪᠤᠷᠬᠠᠨ ᠲᠤᠬᠢᠶᠠᠯᠳᠤᠬᠤ ᠬᠠᠮᠤᠭ ᠤᠨ ᠬᠠᠯᠠᠭᠤᠨ ᠳᠡᠮᠳᠡᠭᠯᠡᠯ ᠢ ᠡᠭᠦᠳᠪᠡ —ᠳᠤᠮᠳᠠᠴᠢ ᠠᠭᠠᠷ ᠤᠨ ᠳᠤᠯᠠᠭᠠᠨ -3.2℃-᠎11.3℃  ᠤ᠋ᠨ ᠬᠤᠭᠤᠷᠤᠨᠳᠤ ᠤᠷᠤᠰᠢᠬᠰᠠᠨ ᠪᠠᠶᠢᠨ᠎ᠠ᠃

ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠᠨ ᠤ ᠨᠡᠶᠢᠲᠡᠯᠡᠭᠰᠡᠨ ᠮᠡᠳᠡᠭᠡᠯᠡᠯ ᠡᠴᠡ ᠤᠶᠢᠯᠠᠭᠠᠭᠰᠠᠨ ᠢᠶᠡᠷ᠂ 2017 ᠤᠨ ᠤ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠳᠤᠮᠳᠠᠴᠢ ᠠᠭᠠᠷ ᠤᠨ ᠳᠤᠯᠠᠭᠠᠨ -3.2℃ ᠎-11.3℃ ᠤ᠋ᠨ ᠬᠤᠭᠤᠷᠤᠨᠳᠤ᠂ ᠬᠦᠯᠦᠨ ᠪᠤᠶᠢᠷ ᠬᠤᠲᠠ ᠶᠢᠨ ᠶᠡᠬᠡᠩᠬᠢ ᠪᠦᠰᠡ᠂ ᠬᠢᠩ᠋ᠭᠠᠨ ᠠᠶᠢᠮᠠᠭ ᠤᠨ ᠪᠠᠷᠠᠭᠤᠨ ᠪᠦᠰᠡ᠂ ᠲᠦᠩᠯᠢᠶᠤᠤ ᠬᠤᠲᠠ ᠶᠢᠨ ᠬᠤᠶᠢᠲᠤ ᠪᠦᠰᠡ᠂ ᠤᠯᠠᠭᠠᠨᠬᠠᠲᠠ ᠬᠤᠲᠠ ᠶᠢᠨ ᠳᠤᠮᠳᠠ ᠡᠮᠦᠨ᠎ᠠ ᠪᠦᠰᠡ᠂ ᠰᠢᠯᠢ ᠶᠢᠨ ᠭᠤᠤᠯ ᠠᠶᠢᠮᠠᠭ ᠤᠨ ᠵᠡᠬᠦᠨ ᠬᠤᠶᠢᠲᠤ ᠪᠦᠰᠡ ᠵᠡᠷᠭᠡ ᠭᠠᠵᠠᠷ ᠨᠢ ᠦᠩᠬᠡᠷᠡᠭᠰᠡᠨ ᠵᠢᠯ ᠤᠳ ᠲᠠᠢ ᠪᠡᠨ ᠤᠶᠢᠷᠠᠯᠴᠠᠭ᠎ᠠ ᠪᠤᠯᠤᠭᠰᠠᠨ ᠡᠴᠡ ᠭᠠᠳᠠᠨ᠎ᠠ᠂ ᠪᠤᠰᠤᠳ ᠭᠠᠵᠠᠷ ᠤᠷᠤᠨ ᠴᠦᠮ ᠳᠤᠮᠳᠠᠴᠢ ᠪᠡᠷ 1℃-2.4℃ ᠦᠨᠳᠦᠷᠳᠡᠪᠡ᠃

ᠲᠤᠭ᠎ᠠ ᠪᠦᠷᠢᠳᠭᠡᠯ ᠢ ᠦᠨᠳᠦᠰᠦᠯᠡᠪᠡᠯ᠂ 2017 ᠤᠨ ᠳᠤ ᠥᠪᠦᠷ ᠮᠣᠩᠭ᠋ᠤᠯ ᠨᠢᠬᠡᠨ 《ᠬᠠᠯᠠᠭᠤᠨ》ᠵᠢᠯ ᠦᠩᠭᠡᠷᠡᠭᠡᠪᠡ᠃ ᠤᠷᠤᠨ ᠳᠠᠶᠠᠭᠠᠷ ᠤᠨ ᠳᠤᠮᠳᠠᠴᠢ ᠠᠭᠠᠷ ᠤᠨ ᠳᠤᠯᠠᠭᠠᠨ  6.5℃ ᠲᠤ ᠬᠦᠷᠴᠤ ᠲᠡᠤᠬᠡᠨ ᠳ᠋ᠡᠬᠢ ᠠᠳᠠᠯᠢ ᠬᠤᠭᠤᠴᠠᠭᠠᠨ ᠤ ᠬᠢ ᠡᠴᠡ ᠳᠤᠮᠳᠠᠴᠢ ᠪᠡᠷ 1.4℃ ᠦᠨᠳᠦᠷ ᠪᠤᠯᠤᠭᠰᠠᠨ ᠢᠶᠡᠷ᠂ 1961 ᠤᠨ ᠡᠴᠡ ᠨᠠᠰᠢᠬᠢ ᠬᠠᠮᠤᠭ ᠤᠨ ᠬᠠᠯᠠᠭᠤᠨ ᠨᠢᠬᠡ ᠵᠢᠯ ᠪᠤᠯᠤᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠰᠣᠨᠢᠨ ᠮᠡᠳᠡᠭᠡᠨ ᠤ ᠨᠧᠲ

 

2017年内蒙古平均气温为56年来最热一年

以寒冷著称的中国北方草原内蒙古自治区,却在2017年创下了罕见的最热记录——平均气温零下3.2—11.3℃之间。

  内蒙古自治区气象局2日对外发布的消息显示,2017年度内蒙古自治区平均气温在零下3.2—11.3℃之间,除呼伦贝尔市大部、兴安盟西部、通辽市北部、赤峰市中南部、锡林郭勒盟东北部等地接近常年外,其余地区均偏高1—2.4℃。

  气象部门发布的数据亦显示,2017年的内蒙古度过的是一个“热气腾腾”的年份,全区平均气温为6.5℃,比历史同期平均值偏高1.4℃,为自1961年以来最热的一年。
 

Posted in ᠲᠠᠨ ᠤ ᠠᠩᠬᠠᠷᠤᠯ ᠳ᠋ᠤ|热点信息 and tagged .