ᠦᠪᠦᠷ ᠮᠤᠩᠭ᠋ᠤᠯ ᠦᠨᠦ ᠵᠢᠯ ᠮᠤᠵᠢ ᠠᠯᠤᠰᠯᠠᠨ ᠡᠮᠨᠡᠯᠬᠡ ᠳᠤ ᠰᠠᠭᠤᠬᠤ ᠵᠠᠷᠤᠳᠠᠯ ᠢᠶᠡᠨ ···内蒙古今年将基本实现跨省异地就医住院费用直接结算全覆盖

ᠦᠪᠦᠷ ᠮᠤᠩᠭ᠋ᠤᠯ ᠦᠨᠦ ᠵᠢᠯ ᠮᠤᠵᠢ ᠠᠯᠤᠰᠯᠠᠨ ᠡᠮᠨᠡᠯᠬᠡ ᠳᠤ ᠰᠠᠭᠤᠬᠤ ᠵᠠᠷᠤᠳᠠᠯ ᠢᠶᠡᠨ ᠰᠢᠭᠤᠳ ᠴᠠᠶᠢᠷᠠᠭᠤᠯᠬᠤ ᠲᠦᠷᠦ ᠶᠢᠨ ᠪᠤᠳᠤᠯᠭ᠎ᠠ ᠶᠢ ᠦᠨᠳᠦᠰᠦᠨ ᠳ᠋ᠡᠬᠡᠨ ᠪᠡᠶᠡᠯᠡᠬᠦᠯᠦᠨ᠎ᠡ

ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ 2018 ᠤᠨ ᠳᠤ ᠦᠪᠦᠷ ᠮᠤᠩᠭ᠋ᠤᠯ ᠮᠤᠵᠢ ᠠᠯᠤᠰᠯᠠᠨ ᠡᠮᠨᠡᠯᠬᠡ ᠳᠤ ᠰᠠᠭᠤᠬᠤ ᠵᠠᠷᠤᠳᠠᠯ ᠢᠶᠡᠨ ᠰᠢᠭᠤᠳ ᠴᠠᠶᠢᠷᠠᠭᠤᠯᠬᠤ ᠲᠦᠷᠦ ᠶᠢᠨ ᠪᠤᠳᠤᠯᠭ᠎ᠠ ᠶᠢᠨ ᠠᠵᠢᠯ ᠢ ᠬᠦᠨᠵᠡᠬᠡᠶᠢᠷᠡᠬᠦᠯᠵᠤ᠂ ᠦᠨᠳᠦᠰᠤᠨ ᠱᠠᠳᠤᠨ ᠤ ᠨᠡᠩ ᠤᠯᠠᠨ ᠡᠮᠨᠡᠯᠬᠡ ᠶᠢᠨ ᠪᠠᠶᠢᠭᠤᠯᠤᠮᠵᠢ᠂ ᠭᠠᠳᠠᠷ ᠤᠷᠤᠨ ᠳᠤ ᠠᠵᠢᠯᠯᠠᠵᠤ ᠪᠠᠶᠢᠭ᠎ᠠ ᠮᠠᠯᠴᠢᠨ ᠲᠠᠷᠢᠶᠠᠴᠢᠨ᠂ ᠭᠠᠳᠠᠷ ᠤᠷᠤᠨ ᠡᠴᠡ ᠦᠪᠦᠷ ᠮᠤᠩᠭ᠋ᠤᠯ ᠳᠤ ᠢᠷᠡᠵᠤ ᠠᠵᠢᠯᠯᠠᠵᠤ ᠦᠢᠯᠡᠰ ᠪᠤᠰᠬᠠᠵᠤ ᠪᠠᠶᠢᠭ᠎ᠠ ᠬᠦᠮᠦᠰ ᠲᠤ ᠲᠦᠬᠦᠮ ᠦᠵᠡᠬᠦᠯᠬᠦ ᠶᠢᠨ ᠲᠤᠯᠠᠳᠠ ᠮᠤᠵᠢ ᠠᠯᠤᠰᠯᠠᠨ ᠡᠮᠨᠡᠯᠬᠡ ᠳᠤ ᠰᠠᠭᠤᠬᠤ ᠵᠠᠷᠤᠳᠠᠯ ᠢᠶᠡᠨ ᠰᠢᠭᠤᠳ ᠴᠠᠶᠢᠷᠠᠭᠤᠯᠬᠤ ᠲᠦᠷᠦ ᠶᠢᠨ ᠪᠤᠳᠤᠯᠭ᠎ᠠ ᠶᠢ ᠦᠨᠳᠦᠰᠦᠨ ᠳᠤ ᠪᠠᠨ ᠪᠡᠶᠡᠯᠡᠬᠦᠯᠬᠦ ᠪᠡᠷ ᠪᠠᠶᠢᠨ᠎ᠠ᠃

ᠦᠪᠦᠷ ᠮᠤᠩᠭ᠋ᠤᠯ ᠤᠨ ᠬᠦᠮᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠤᠨ ᠲᠦᠷᠦ ᠶᠢᠨ ᠪᠤᠳᠤᠯᠭ᠎ᠠ ᠶᠢ ᠰᠤᠳᠤᠯᠬᠤ ᠪᠤᠯᠤᠨ ᠤᠬᠠᠭᠤᠯᠬᠤ ᠭᠠᠵᠠᠷ ᠤᠨ ᠲᠠᠷᠤᠭ᠎ᠠ ᠯᠢ ᠸᠧᠨ ᠭᠠᠩ ᠤᠨ ᠲᠠᠨᠢᠯᠴᠠᠭᠤᠯᠤᠭᠰᠠᠨ ᠢᠶᠡᠷ᠂ 2018 ᠤᠨ ᠳᠤ ᠦᠪᠦᠷ ᠮᠤᠩᠭ᠋ᠤᠯ ᠪᠦᠬᠦ ᠢᠷᠭᠡᠳ ᠢ ᠲᠠᠭᠠᠳᠬᠠᠯ ᠳᠤ ᠤᠷᠤᠭᠤᠯᠬᠤ ᠲᠦᠯᠦᠪᠯᠡᠬᠡ ᠶᠢ ᠪᠦᠬᠦ ᠲᠠᠯ᠎᠎ᠠ ᠪᠡᠷ ᠬᠡᠷᠡᠭᠵᠢᠬᠦᠯᠵᠤ᠂ ᠢᠷᠭᠡᠳ ᠢ ᠨᠡᠶᠢᠬᠡᠮ ᠤᠨ ᠲᠠᠭᠠᠳᠬᠠᠯ ᠳᠤ ᠤᠷᠤᠬᠤ ᠶᠢ ᠵᠢᠭᠠᠨ ᠵᠢᠯᠤᠭᠤᠳᠴᠤ᠂ ᠲᠠᠭᠠᠳᠬᠠᠯ ᠳᠤ ᠤᠷᠤᠪᠠᠰᠤ ᠵᠤᠬᠢᠬᠤ ᠶᠢ ᠨᠢ ᠪᠦᠷ ᠤᠷᠤᠭᠤᠯᠬᠤ ᠶᠢ ᠴᠢᠷᠮᠠᠶᠢᠨ ᠪᠡᠶᠡᠯᠡᠬᠦᠯᠬᠦ ᠶᠢᠨ ᠬᠠᠮᠳᠤ ᠬᠤᠳᠠ ᠬᠦᠳᠡᠬᠡ ᠶᠢᠨ ᠢᠷᠭᠡᠳ ᠤᠨ ᠦᠨᠳᠦᠰᠦᠨ ᠡᠮᠨᠡᠯᠬᠡ ᠪᠤᠯᠤᠨ ᠬᠦᠨᠳᠤ ᠡᠪᠡᠳᠴᠢᠨ ᠤ ᠲᠠᠭᠠᠳᠬᠠᠯ ᠤᠨ ᠲᠦᠷᠢᠮ ᠢ ᠲᠡᠬᠦᠯᠳᠡᠷᠵᠢᠬᠦᠯᠦᠨ ᠨᠢᠭᠡᠳᠭᠡᠬᠦ᠂ ᠡᠮᠨᠡᠯᠬᠡ ᠶᠢᠨ ᠲᠠᠭᠠᠳᠬᠠᠯ ᠢᠶᠡᠷ ᠲᠤᠭᠠᠴᠠᠬᠤ ᠠᠷᠭ᠎ᠠ ᠶᠢᠨ ᠦᠬᠡᠷᠡᠴᠢᠯᠡᠯᠳᠡ ᠶᠢ ᠢᠳᠡᠪᠬᠢᠲᠡᠢ ᠠᠬᠢᠭᠤᠯᠬᠤ᠂ ᠡᠮᠴᠢᠯᠡᠬᠡᠨ ᠤ ᠦᠢᠯᠡᠴᠢᠯᠡᠬᠡ ᠶᠢᠨ ᠤᠶᠤᠯᠢᠬ ᠬᠢᠨᠠᠨ ᠬᠠᠮᠢᠶᠠᠷᠬᠤ ᠰᠢᠰᠲ᠋ᠧᠮ ᠢ ᠲᠦᠭᠡᠮᠡᠯᠵᠢᠬᠦᠯᠬᠦ ᠪᠡᠷ ᠪᠠᠶᠢᠨ᠎ᠠ ᠬᠡᠵᠡᠢ᠃

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠶᠢᠮᠠᠬ ᠬᠤᠳᠠ ᠶᠢᠨ ᠬᠤᠭᠤᠷᠤᠨᠳᠤ ᠢᠷᠭᠡᠳ ᠡᠮ ᠬᠤᠳᠠᠯᠳᠤᠨ ᠠᠪᠬᠤ ᠪᠤᠯᠤᠨ ᠡᠮᠨᠡᠯᠬᠡ ᠳᠤ ᠰᠠᠭᠤᠬᠤ ᠵᠠᠷᠤᠳᠠᠯ ᠢᠶᠡᠨ ᠰᠢᠭᠤᠳ ᠴᠠᠶᠢᠷᠠᠭᠤᠯᠬᠤ ᠶᠢ ᠪᠡᠶᠡᠯᠡᠬᠦᠯᠬᠦ ᠰᠠᠭᠤᠷᠢᠨ ᠲᠡᠭᠡᠷ᠎ᠡ ᠦᠪᠦᠷ ᠮᠤᠩᠭ᠋ᠤᠯ ᠤᠯᠤᠰ ᠲᠠᠶᠠᠭᠠᠷ ᠤᠨ 30 ᠮᠤᠵᠢ᠂ ᠬᠤᠳᠠ ᠦᠪᠡᠷᠳᠡᠬᠡᠨ ᠵᠠᠰᠠᠬᠤ ᠤᠷᠤᠨ ᠪᠤᠯᠤᠨ ᠰᠢᠨᠵᠢᠶᠡᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠳᠠ ᠶᠢᠨ ᠪᠢᠩᠲ᠋ᠤᠸᠠᠨ ᠳᠤ ᠮᠤᠵᠢ ᠠᠯᠤᠰᠯᠠᠨ ᠡᠮᠨᠡᠯᠬᠡ ᠳᠤ ᠰᠠᠭᠤᠬᠤ ᠵᠠᠷᠤᠳᠠᠯ ᠢᠶᠡᠨ ᠰᠢᠭᠤᠳ ᠴᠠᠶᠢᠷᠠᠭᠤᠯᠬᠤ ᠠᠵᠢᠯ ᠢ ᠨᠢᠬᠡᠨᠳᠡ ᠦᠷᠨᠢᠬᠦᠯᠦᠭᠰᠡᠨ ᠪᠦᠭᠡᠳ ᠲᠠᠭᠠᠳᠬᠠᠯ ᠳᠤ ᠤᠷᠤᠭᠰᠠᠨ ᠵᠠᠷᠢᠮ ᠢᠷᠭᠡᠳ ᠰᠢᠭᠤᠳ ᠴᠠᠶᠢᠷᠠᠭᠤᠯᠵᠤ ᠪᠤᠯᠬᠤ ᠲᠦᠬᠦᠮ ᠢ ᠬᠠᠩᠭ᠋ᠠᠭᠰᠠᠨ ᠪᠠᠶᠢᠨ᠎ᠠ᠃

ᠤᠳᠤᠬᠠᠨ ᠳᠤ ᠦᠪᠦᠷ ᠮᠤᠩᠭ᠋ᠤᠯ ᠮᠤᠵᠢ ᠠᠯᠤᠰᠯᠠᠨ ᠡᠮᠴᠢᠯᠡᠬᠦᠯᠬᠦ ᠴᠢᠬ ᠢᠶᠡᠷ 154 ᠡᠮᠨᠡᠯᠬᠡ ᠶᠢᠨ ᠪᠠᠶᠢᠭᠤᠯᠤᠮᠵᠢ ᠶᠢ ᠨᠢᠬᠡᠨᠳᠡ ᠲᠤᠭᠳᠠᠭᠠᠬᠰᠠᠨ ᠤ ᠳᠤᠲᠤᠷ᠎ᠠ ᠭᠤᠷᠪᠠᠳᠤᠭᠠᠷ ᠲᠡᠰ ᠤᠨ ᠡᠮᠨᠡᠯᠬᠡ ᠶᠢᠨ ᠪᠠᠶᠢᠭᠤᠯᠤᠮᠵᠢ 53 ᠶᠢ ᠡᠵᠡᠯᠡᠵᠤ᠂ ᠤᠯᠤᠰ ᠲᠠᠶᠠᠭᠠᠷ ᠤᠨ ᠭᠤᠷᠪᠠᠳᠤᠭᠠᠷ ᠲᠡᠰ ᠤᠨ ᠡᠮᠨᠡᠯᠬᠡ ᠳᠤ ᠮᠤᠵᠢ ᠠᠯᠤᠰᠯᠠᠨ ᠡᠮᠴᠢᠯᠡᠬᠦᠯᠬᠦ ᠰᠢᠰᠲ᠋ᠧᠮ ᠢ ᠬᠡᠷᠡᠭᠵᠢᠬᠦᠯᠦᠭᠰᠡᠨ 13 ᠮᠤᠵᠢ ᠶᠢᠨ ᠨᠢᠬᠡ ᠪᠤᠯᠤᠯ᠎ᠠ᠃

ᠤᠶᠢᠯᠠᠭᠠᠭᠰᠠᠨ ᠢᠶᠡᠷ᠂ ᠦᠪᠦᠷ ᠮᠤᠩᠭ᠋ᠤᠯ ᠨᠡᠶᠢᠬᠡᠮ ᠤᠨ ᠲᠠᠭᠠᠳᠬᠠᠯ ᠤᠨ ᠦᠪᠡᠷᠳᠡᠬᠡᠨ ᠵᠠᠰᠠᠬᠤ ᠤᠷᠤᠨ ᠤ ᠳ᠋ᠠᠶᠢᠲ᠋ᠠ ᠬᠦᠮᠦᠷᠬᠡ ᠶᠢᠨ ᠲᠦᠪᠯᠡᠷᠡᠯ ᠪᠤᠯᠤᠨ ᠨᠡᠶᠢᠬᠡᠮ ᠤᠨ ᠪᠠᠳᠤᠯᠠᠭ᠎ᠠ ᠶᠢᠨ ᠺᠠᠷᠲ ᠲᠤ ᠲᠦᠰᠢᠭᠯᠡᠨ᠂ ᠦᠪᠡᠷᠳᠡᠬᠡᠨ ᠵᠠᠰᠠᠬᠤ ᠤᠷᠤᠨ ᠤ ᠤᠨᠳᠤᠤ ᠭᠠᠵᠠᠷ ᠡᠮᠴᠢᠯᠡᠬᠦᠯᠬᠦ ᠶᠢ ᠬᠠᠮᠢᠶᠠᠷᠬᠤ ᠰᠤᠷᠠᠭ ᠵᠠᠩᠬᠢ ᠶᠢᠨ ᠰᠢᠰᠲ᠋ᠧᠮ ᠪᠤᠯᠤᠨ ᠰᠢᠭᠤᠳ ᠴᠠᠶᠢᠷᠠᠭᠤᠯᠬᠤ ᠲᠠᠪᠴᠠᠩ ᠢ ᠨᠢᠬᠡᠨᠳᠡ ᠪᠠᠶᠢᠭᠤᠯᠤᠬᠰᠠᠨ ᠢᠶᠡᠷ ᠤᠷᠤᠨ ᠤ ᠲᠤᠳᠤᠷ᠎ᠠ ᠪᠠᠨ ᠤᠨᠳᠤᠤ ᠭᠠᠵᠠᠷ ᠤᠨ ᠡᠬᠦᠳᠡᠨ ᠡᠮᠨᠡᠯᠬᠡ ᠳᠤ ᠺᠠᠷᠲ ᠢᠶᠡᠷ ᠢᠶᠡᠨ ᠲᠤᠭᠠᠴᠠᠭᠠᠯᠠᠬᠤ ᠪᠤᠯᠤᠨ ᠡᠮ ᠠᠪᠬᠤ᠂ ᠡᠮᠨᠡᠯᠬᠡ ᠳᠤ ᠰᠠᠭᠤᠬᠤ ᠳᠤ ᠵᠠᠷᠤᠳᠠᠯ ᠢᠶᠡᠨ ᠰᠢᠭᠤᠳ ᠴᠠᠶᠢᠷᠠᠭᠤᠯᠵᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ

内蒙古今年将基本实现跨省异地就医住院费用直接结算全覆盖

记者日前从内蒙古自治区人力资源和社会保障厅获悉,2018年内蒙古将深入推进跨省异地就医住院费用直接结算工作,把更多基层医疗机构和外出农牧民工、外来就业创业人员纳入进来,基本实现异地就医直接结算全覆盖。
  据内蒙古人社厅政策研究和宣传处处长李文钢介绍,2018年内蒙古将全面实施全民参保计划,引导群众参加社会保险,努力实现应保尽保;完善统一的城乡居民基本医保和大病保险制度,积极推进医保支付方式改革,全面推广医疗服务智能监控系统。
  在实现自治区内跨盟市异地购药和异地住院费用直接结算的基础上,内蒙古已与全国30个省、市、自治区及新疆生产建设兵团全面开通跨省异地就医住院费用直接结算业务,部分参保群众享受到直接结算带来的便利。
  目前,内蒙古已确定154家跨省异地就医定点医疗机构,其中三级医疗机构53家,是全国三级医院全部接入跨省异地就医系统的13个省区之一。
  据了解,内蒙古依托社会保险自治区数据大集中和社会保障“一卡通”,现已建立自治区异地就医管理信息系统和直接结算平台,实现区内异地门诊划卡、购药和住院费直接结算。

Posted in ᠠᠮᠢᠳᠤᠷᠠᠯ ᠤᠨ ᠬᠠᠨᠢ|生活之友 and tagged .