ᠥᠪᠥᠷ ᠮᠣᠩᠭᠣᠯ ᠤᠷᠤᠨ ᠤ ᠡᠯ᠎ᠡ ᠱᠠᠲᠤᠨ ᠤ ᠡᠯ᠎ᠠ ᠲᠦᠷᠦᠯ ᠦᠨ···内蒙古各级各类公立医院 探索实行目标年薪制和协议薪酬

ᠥᠪᠥᠷ ᠮᠣᠩᠭᠣᠯ ᠤᠷᠤᠨ ᠤ ᠡᠯ᠎ᠡ ᠱᠠᠲᠤᠨ ᠤ ᠡᠯ᠎ᠠ ᠲᠦᠷᠦᠯ ᠦᠨ ᠠᠯᠪᠠᠨ ᠡᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠳ᠋ᠤ ᠴᠠᠯᠢᠩ ᠬᠦᠯᠦᠰᠦ ᠶᠢᠨ ᠦᠬᠡᠷᠡᠴᠢᠯᠡᠯᠳᠡ ᠬᠢᠨ᠎ᠡ

ᠤᠢᠷ᠎ᠠ ᠳ᠋ᠤ ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠡᠴᠠ ᠲᠠᠷᠤᠮᠠᠯᠯᠠᠨ ᠲᠠᠷᠬᠠᠭᠠᠭᠰᠠᠨ 《ᠦᠪᠡᠷᠲᠡᠭᠡᠨ ᠵᠠᠰᠠᠬᠤ ᠤᠷᠤᠨ ᠤ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠠᠢᠭᠤᠯᠤᠨ ᠬᠡᠷᠡᠭᠵᠢᠭᠦᠯᠬᠦ ᠲᠦᠰᠦᠯ 》 ᠳ᠋ᠤ ᠂ ᠡᠮᠨᠡᠯᠭᠡ ᠶᠢᠨ ᠬᠤᠷᠢᠶ᠎ᠠ ᠬᠠᠷᠠᠯᠲᠠᠲᠤ ᠵᠢᠯ ᠤᠨ ᠴᠠᠯᠢᠩ ᠪᠤᠯᠤᠨ ᠵᠦᠪᠯᠡᠯᠴᠡᠬᠡᠷ ᠦᠨ ᠴᠠᠯᠢᠩ ᠢ ᠰᠦᠪᠡᠭᠴᠢᠯᠡᠨ ᠬᠡᠷᠡᠭᠵᠢᠭᠦᠯᠵᠦ ᠪᠤᠯᠤᠨ᠎ᠠ ᠬᠡᠪᠡ ᠃

《ᠬᠡᠷᠡᠭᠵᠢᠭᠦᠯᠬᠦ ᠲᠦᠰᠦᠯ 》 ᠳ᠋ᠤ ᠂ ᠡᠯ᠎ᠡ ᠱᠠᠲᠤᠨ ᠤ ᠡᠯ᠎ᠠ ᠲᠦᠷᠦᠯ ᠦᠨ ᠠᠯᠪᠠᠨ ᠡᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠡᠮᠴᠢ ᠠᠵᠢᠯᠳᠠᠨ ᠤᠷᠢᠵᠤ ᠡᠯᠰᠡᠬᠦ ᠬᠠᠮᠢᠶᠠᠷᠤᠯᠲᠠ ᠂ ᠠᠵᠢᠯ ᠤᠨ ᠪᠠᠢᠷᠢ ᠶᠢᠨ ᠬᠠᠮᠢᠶᠠᠷᠤᠯᠳᠠ ᠂ ᠮᠡᠷᠬᠡᠵᠢᠯ ᠦᠨ ᠴᠤᠯᠠ ᠶᠢᠨ ᠬᠠᠮᠢᠶᠠᠷᠤᠯᠳᠠ ᠂ ᠠᠰᠠᠷᠠᠭᠴᠢ ᠰᠤᠪᠢᠯᠠᠭᠴᠢ ᠶᠢᠨ ᠬᠠᠮᠢᠶᠠᠷᠤᠯᠲᠠ ᠂ ᠤᠷᠤᠯᠭ᠎ᠠ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠲᠦᠷᠢᠮ ᠢ ᠲᠤᠭᠳᠠᠭᠠᠨ ᠲᠡᠬᠦᠯᠳᠡᠷᠵᠢᠬᠦᠯᠤᠨ᠎ᠠ ᠃ ᠠᠯᠪᠠᠨ ᠡᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠬᠢᠨᠠᠨ ᠲᠤᠭᠲᠠᠭᠠᠭᠰᠠᠨ ᠴᠠᠯᠢᠡᠭ ᠬᠦᠯᠦᠰᠦ ᠶᠢᠨ ᠶᠡᠷᠦᠩᠬᠡᠢ ᠬᠡᠮᠵᠢᠶᠡᠨ ᠳᠤᠲᠤᠷ᠎ᠠ ᠡᠵᠡᠨ ᠮᠡᠳᠡᠵᠦ ᠬᠤᠪᠢᠶᠠᠷᠢᠯᠠᠵᠤ ᠪᠤᠯᠤᠨ᠎ᠠ ᠂ ᠡᠬᠦᠨ ᠳ᠋ᠤ ᠠᠵᠢᠯ ᠤᠨ ᠪᠠᠢᠷᠢ ᠶᠢᠨ ᠵᠦᠷᠢᠶ᠎ᠡ ᠶᠢ ᠢᠯᠡᠷᠡᠭᠦᠯᠵᠦ ᠂ ᠡᠯ᠎ᠡ ᠰᠢᠨᠵᠢᠯᠡᠬᠡᠨ ᠦ ᠰᠠᠯᠠᠭ᠎ᠠ ᠶᠢ ᠲᠡᠩᠴᠡᠬᠦᠷᠢᠳᠠᠢ ᠪᠠᠢᠯᠭᠠᠬᠤ ᠶᠢ ᠬᠠᠮᠳᠤ ᠳ᠋ᠤᠨᠢ ᠬᠠᠷᠠᠭᠠᠯᠵᠠᠵᠤ ᠂ ᠢᠯᠡᠬᠦᠦ ᠬᠦᠳᠡᠯᠮᠦᠷᠢᠯᠡᠪᠡᠯ ᠢᠯᠡᠭᠦᠦ ᠬᠦᠯᠦᠰᠤ ᠤᠯᠭᠤᠮᠵᠢ ᠤᠯᠭᠤᠨ᠎ᠠ ᠃ ᠡᠮᠨᠡᠯᠭᠡ ᠶᠢᠨ ᠬᠤᠷᠢᠶ᠎ᠠ ᠶᠢᠨ ᠡᠮᠴᠢ ᠠᠵᠢᠯᠲᠠᠨ ᠤ ᠴᠠᠯᠢᠡᠭ ᠬᠦᠯᠦᠰᠦ ᠶᠢ ᠡᠮ ᠦᠨ ᠵᠦᠢᠯᠡᠰ ᠂ ᠡᠷᠡᠭᠦᠯ ᠬᠠᠮᠠᠭᠠᠯᠠᠯ ᠤᠨ ᠮᠠᠲ᠋ᠧᠷᠢᠶᠠᠯ ᠵᠡᠷᠭᠡ ᠠᠵᠢᠯ ᠤᠨ ᠤᠷᠤᠯᠭ᠎ᠠ ᠲᠠᠢ ᠬᠤᠯᠪᠤᠭᠳᠠᠭᠤᠯᠵᠤ ᠪᠤᠯᠬᠤ ᠦᠭᠡᠢ ᠃ ᠡᠭᠦᠨ ᠡᠴᠠ ᠭᠠᠳᠠᠨ᠎ᠠ ᠂ ᠠᠯᠪᠠᠨ ᠡᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠬᠢᠷᠢ ᠪᠦᠲᠦᠮᠵᠢ   ᠪᠠᠷ ᠬᠢᠨᠠᠨ ᠰᠢᠯᠭᠠᠬᠤ ᠳᠦᠷᠢᠮ ᠢ ᠪᠦᠷᠢᠨᠰᠢᠭᠦᠯᠦᠨ᠎ᠡ ᠃ ᠡᠯ᠎ᠡ ᠱᠠᠲᠤᠨ ᠤ ᠡᠯ᠎ᠡ ᠲᠦᠷᠦᠯ ᠦᠨ ᠡᠮᠨᠡᠯᠭᠡ ᠶᠢᠨ ᠬᠤᠷᠢᠶ᠎ᠠ ᠂ ᠠᠵᠢᠯ ᠤᠨ ᠬᠢᠷᠢ ᠪᠦᠲᠦᠮᠵᠢ ᠶᠢᠨ ᠬᠢᠨᠠᠨ ᠰᠢᠯᠭᠠᠯᠳᠠ ᠶᠢᠨ ᠵᠢᠭᠠᠯᠳᠠ ᠲᠤᠭ᠎ᠠ ᠶᠢᠨ ᠰᠢᠰᠲ᠋ᠧᠮ ᠢ ᠪᠠᠢᠭᠤᠯᠤᠨ ᠪᠦᠷᠢᠨᠰᠢᠭᠦᠯᠵᠦ ᠂ ᠠᠵᠢᠯ ᠤᠨ ᠪᠠᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ᠂ ᠠᠵᠢᠯ ᠤᠨ ᠬᠡᠮᠵᠢᠶ᠎ᠡ ᠂ ᠦᠢᠯᠡ ᠠᠵᠢᠯᠯᠠᠭ᠎ᠠ ᠶᠢᠨ ᠳᠦᠷᠢᠮᠵᠢᠯ ᠂ ᠡᠮᠴᠢ ᠶᠢᠨ ᠮᠤᠷᠠᠯ ᠰᠤᠷᠲᠠᠯ ᠪᠤᠯᠤᠨ ᠡᠪᠡᠳᠴᠢᠲᠡᠨ ᠦ ᠬᠠᠨᠤᠮᠵᠢ ᠶᠢᠨ ᠪᠠᠢᠳᠠᠯ ᠵᠡᠷᠭᠡ ᠵᠢᠭᠠᠯᠳᠠ ᠳᠤᠭ᠎ᠠ ᠶᠢ ᠳᠤᠪᠤᠢᠯᠭᠠᠨ᠎ᠠ ᠃ ᠡᠮᠨᠡᠯᠭᠡ ᠶᠢᠨ ᠠᠵᠢᠯᠲᠠᠨ ᠳ᠋ᠤ ᠤᠷᠤᠯᠭ᠎ᠠ ᠡᠭᠦᠳᠬᠦ ᠵᠢᠭᠠᠯᠳᠠ ᠲᠤᠭ᠎ᠠ ᠲᠤᠭᠲᠠᠭᠠᠬᠤ ᠶᠢ ᠡᠷᠡᠰ ᠴᠠᠭᠠᠵᠠᠯᠠᠨ᠎ᠠ ᠬᠡᠵᠡᠢ ᠃

ᠢᠷᠡᠯᠲᠡ ᠄ ᠦᠪᠦᠷ ᠮᠣᠩᠭᠣᠯ ᠤᠨ ᠡᠳᠦᠷ ᠦᠨ ᠰᠣᠨᠢᠨ

内蒙古各级各类公立医院 探索实行目标年薪制和协议薪酬

近日,自治区制定出台《自治区建立现代医院管理制度实施方案》,医院可以探索实行目标年薪制和协议薪酬。

《实施方案》提出:各级各类公立医院要建立健全人员聘用管理、岗位管理、职称管理、执业医师管理、护理人员管理、收入分配管理等制度。
公立医院在核定的薪酬总量内进行自主分配,体现岗位差异,兼顾学科平衡,做到多劳多得、优绩优酬。
按照有关规定,医院可以探索实行目标年薪制和协议薪酬。医务人员薪酬不得与药品、卫生材料、检查、化验等业务收入挂钩。
公立医院要健全绩效考核制度。各级各类医院将政府、举办主体对医院的绩效考核落实到科室和医务人员,对不同岗位、不同职级医务人员实行分类考核。
建立健全绩效考核指标体系,突出岗位职责履行、工作量、服务质量、行为规范、医疗质量安全、医疗费用控制、医德医风和患者满意度等指标。
严禁给医务人员设定创收指标。

Posted in ᠠᠮᠢᠳᠤᠷᠠᠯ ᠤᠨ ᠬᠠᠨᠢ|生活之友 and tagged .