ᠦᠪᠦᠷ ᠮᠤᠩᠭ᠋ᠤᠯ ᠤᠨ 12338 ᠡᠮᠡᠭᠲᠡᠶᠢᠴᠤᠳ ᠤᠨ ᠡᠷᠬᠡ ᠪᠠᠨ ᠬᠠᠮᠠᠭᠠᠯᠠᠬᠤ ···内蒙古12338妇女维权在线服务平台上线

ᠦᠪᠦᠷ ᠮᠤᠩᠭ᠋ᠤᠯ ᠤᠨ 12338 ᠡᠮᠡᠭᠲᠡᠶᠢᠴᠤᠳ ᠤᠨ ᠡᠷᠬᠡ ᠪᠠᠨ ᠬᠠᠮᠠᠭᠠᠯᠠᠬᠤ ᠰᠢᠭᠤᠳ ᠤᠲᠠᠰᠤᠨ ᠤ ᠦᠢᠯᠡᠴᠢᠯᠡᠬᠦ ᠲᠠᠪᠴᠠᠩ ᠠᠰᠢᠭᠯᠠᠯᠳᠠ ᠳᠤ ᠤᠷᠤᠪᠠ

ᠤᠶᠢᠷ᠎ᠠ ᠳᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭ᠎ᠠ ᠪᠤᠯᠤᠨ ᠦᠪᠦᠷ ᠮᠤᠩᠭ᠋ᠤᠯ ᠤᠨ ᠡᠮᠡᠭᠲᠡᠶᠢᠴᠤᠳ ᠤᠨ ᠡᠷᠬᠡ ᠪᠠᠨ ᠬᠠᠮᠠᠭᠠᠯᠠᠬᠤ ᠪᠤᠯᠤᠨ ᠰᠡᠳᠬᠢᠴᠠ ᠶᠢᠨ ᠯᠠᠪᠯᠠᠭ᠎ᠠ ᠦᠭ᠍ᠬᠦ ᠦᠢᠯᠡᠴᠢᠯᠡᠬᠡᠨ ᠤ ᠲᠦᠪ ᠡᠴᠡ ᠬᠠᠮᠳᠤᠷᠠᠨ ᠪᠠᠶᠢᠭᠤᠯᠤᠭᠰᠠᠨ ᠦᠪᠦᠷ ᠮᠤᠩᠭ᠋ᠤᠯ ᠤᠨ 12338 ᠡᠮᠡᠭᠲᠡᠶᠢᠴᠤᠳ ᠤᠨ ᠡᠷᠬᠡ ᠪᠠᠨ ᠬᠠᠮᠠᠭᠠᠯᠠᠬᠤ ᠰᠢᠭᠤᠳ ᠤᠲᠠᠰᠤᠨ ᠤ ᠦᠢᠯᠡᠴᠢᠯᠡᠬᠦ ᠲᠠᠪᠴᠠᠩ ᠠᠰᠢᠭᠯᠠᠯᠳᠠ ᠳᠤ ᠤᠷᠤᠪᠠ᠃ ᠡᠬᠦᠨ ᠡᠴᠡ ᠡᠬᠢᠯᠡᠨ ᠡᠮᠡᠭᠲᠡᠶᠢᠴᠤᠳ ᠡᠷᠬᠡ ᠪᠠᠨ ᠬᠠᠮᠠᠭᠠᠯᠠᠬᠤ ᠶᠢᠨ ᠲᠦᠪᠡᠭ᠌ ᠲᠤᠬᠢᠶᠠᠯᠳᠤᠪᠠᠯ ᠭᠠᠷ ᠤᠳᠠᠰᠤ ᠪᠡᠷ ᠢᠶᠡᠨ ᠲᠤᠰᠠᠯᠠᠮᠵᠢ ᠡᠷᠢᠵᠤ ᠪᠤᠯᠤᠨ᠎ᠠ᠃

ᠦᠪᠦᠷ ᠮᠤᠩᠭ᠋ᠤᠯ ᠤᠨ 12338 ᠡᠮᠡᠭᠲᠡᠶᠢᠴᠤᠳ ᠤᠨ ᠡᠷᠬᠡ ᠪᠠᠨ ᠬᠠᠮᠠᠭᠠᠯᠠᠬᠤ ᠤᠨᠯᠠᠶᠢᠨ ᠲᠠᠪᠴᠠᠩ ᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭᠠᠨ ᠤ ᠠᠯᠪᠠᠨ ᠤ ᠨᠧᠲ 《 ᠤᠮᠠᠷᠠᠳᠤ ᠬᠢᠯᠢ ᠶᠢᠨ ᠡᠮᠡᠭᠲᠡᠶᠢᠴᠤᠳ ᠤᠨ ᠲᠠᠭᠤᠨ》 ᠲᠠᠪᠴᠠᠩ ᠳᠤ ᠲᠦᠰᠢᠭᠯᠡᠨ ᠪᠠᠶᠢᠭᠤᠯᠵᠤ᠂ 12338 ᠡᠷᠬᠡ ᠪᠠᠨ ᠬᠠᠮᠠᠭᠠᠯᠠᠬᠤ ᠤᠳᠠᠰᠤ᠂ ᠮᠡᠷᠭᠡᠵᠢᠯᠳᠡᠨ ᠡᠴᠡ ᠯᠠᠪᠯᠠᠬᠤ᠂ ᠬᠡᠷᠡᠭ ᠲᠠᠢ ᠬᠤᠯᠪᠤᠭᠳᠠᠭᠤᠯᠤᠨ ᠬᠠᠤᠯᠢ ᠶᠠᠷᠢᠬᠤ᠂ ᠬᠠᠤᠯᠢ ᠴᠠᠭᠠᠵᠠ ᠲᠦᠭᠡᠮᠡᠯᠵᠢᠬᠦᠯᠬᠦ ᠬᠦᠮᠦᠷᠬᠡ᠂ ᠬᠠᠯᠠᠮᠰᠢᠯ ᠮᠡᠳᠡᠬᠡ᠂ ᠬᠠᠤᠯᠢ ᠴᠠᠭᠠᠵᠠ ᠶᠢᠨ ᠲᠤᠰᠠᠯᠠᠮᠵᠢ ᠭᠡᠬᠦ 6 ᠶᠡᠬᠡ ᠬᠡᠰᠡᠭ ᠢᠶᠡᠷ ᠪᠦᠷᠢᠯᠳᠤᠵᠡᠢ᠃

ᠡᠬᠦᠨ ᠳᠤ 12338 ᠡᠮᠡᠭᠲᠡᠶᠢᠴᠤᠳ ᠤᠨ ᠡᠷᠬᠡ ᠪᠠᠨ ᠬᠠᠮᠠᠭᠠᠯᠠᠬᠤ ᠰᠢᠭᠤᠳ ᠤᠲᠠᠰᠤᠨ ᠤ ᠦᠢᠯᠡᠴᠢᠯᠡᠬᠦ ᠲᠠᠪᠴᠠᠩ ᠤᠨ ᠤᠳᠠᠰᠤ ᠨᠢ ᠡᠮᠡᠭᠲᠡᠶᠢᠴᠤᠳ ᠬᠡᠦᠬᠡᠳ ᠲᠤ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠵᠦᠪᠯᠡᠯᠬᠡ᠂ ᠰᠡᠳᠬᠢᠯ ᠵᠦᠢ ᠶᠢᠨ ᠵᠦᠪᠯᠡᠯᠬᠡ ᠵᠡᠷᠬᠡ ᠡᠷᠬᠡ ᠪᠠᠨ ᠬᠠᠮᠠᠭᠠᠯᠠᠬᠤ ᠦᠢᠯᠡᠴᠢᠯᠡᠭᠡ ᠬᠠᠩᠭ᠋ᠠᠬᠤ ᠪᠦᠬᠡᠳ ᠡᠮᠡᠭᠲᠡᠶᠢᠴᠤᠳ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠡᠷᠡᠭ  ᠤᠨ ᠵᠠᠭᠠᠯᠳᠤᠯᠭ᠎ᠠ ᠶᠢ ᠬᠦᠯᠢᠶᠡᠨ ᠰᠢᠶ᠋ᠳᠪᠦᠷᠢᠯᠡᠨ᠎ᠡ᠃ ᠬᠠᠤᠯᠢ ᠴᠠᠭᠠᠵᠠ ᠲᠦᠭᠡᠮᠡᠯᠵᠢᠬᠦᠯᠬᠦ ᠬᠦᠮᠦᠷᠬᠡ ᠳᠤ ᠤᠷᠤᠭ ᠬᠤᠷᠢᠮ᠂ ᠬᠡᠷ ᠪᠦᠯᠢ᠂ ᠠᠵᠢᠯ ᠤᠨ ᠲᠠᠯ᠎ᠠ ᠪᠡᠷ ᠬᠢ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠬᠡ ᠶᠢ ᠦᠰᠦᠭ ᠵᠢᠷᠤᠭ ᠬᠠᠪᠰᠤᠷᠭᠠᠨ ᠲᠠᠶᠢᠯᠪᠤᠷᠢᠯᠠᠵᠤ᠂ ᠬᠡᠷ ᠪᠦᠯᠢ ᠶᠢᠨ  ᠡᠶ᠎ᠡ ᠨᠠᠶᠢᠷᠠᠮᠳᠠᠯ᠂ ᠨᠡᠶᠢᠬᠡᠮ ᠤᠨ ᠲᠤᠭᠳᠠᠭᠤᠨ ᠢ ᠬᠠᠮᠠᠭᠠᠯᠠᠨ᠎ᠠ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ

内蒙古12338妇女维权在线服务平台上线

近日,由自治区妇联和内蒙古妇女维权与心理咨询服务中心共同搭建的内蒙古12338妇女维权在线服务平台上线。今后,妇女群众遇到维权难题,只要打开手机轻轻一点,足不出户就能寻求帮助。

  内蒙古12338妇女维权在线服务平台依托自治区妇联公众号北疆女声搭建。设有12338维权热线、专家咨询、以案说法、普法百宝箱、焦点新闻、法律帮助6大板块。其中,12338维权热线免费为妇女儿童提供政策法律咨询、心理疏导等维权服务,并受理有关妇女儿童权益侵害案件的投诉。专家咨询版块由12名资深律师提供点对点在线服务。以案说法版块利用生动鲜活的小视频,对现实生活中发生的真实案例情景再现,给人以警示。普法百宝箱图文并茂普及婚姻、家庭、职场相关法律知识,维护家庭和谐、社会稳定。

Posted in ᠲᠠᠨ ᠤ ᠠᠩᠬᠠᠷᠤᠯ ᠳ᠋ᠤ|热点信息 and tagged .