ᠥᠪᠥᠷ ᠮᠣᠩᠭᠣᠯ ᠤᠷᠤᠨ 5 ᠲᠦᠷᠦᠯ ᠦᠨ ᠦᠨᠳᠦᠰᠦᠨ ᠡᠮ ᠡᠮᠨᠡᠯᠭᠡ ···内蒙古加快建设5项基本医疗卫生制度

ᠥᠪᠥᠷ ᠮᠣᠩᠭᠣᠯ ᠤᠷᠤᠨ 5 ᠲᠦᠷᠦᠯ ᠦᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠢ ᠲᠦᠷᠭᠡᠳᠬᠡᠨ ᠪᠠᠢᠭᠤᠯᠤᠨ᠎ᠠ

ᠮᠠᠨ ᠤ ᠤᠷᠤᠨ ᠡᠨᠡ ᠵᠢᠯ 5 ᠲᠦᠷᠦᠯ ᠦᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠦᠨ ᠪᠠᠢᠭᠤᠯᠤᠯᠲᠠ ᠶᠢ ᠲᠦᠷᠭᠡᠳᠬᠡᠵᠦ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠢᠷᠡᠭᠦᠯᠦᠨ᠎ᠡ ᠃
  ᠲᠡᠰ ᠬᠤᠪᠢᠶᠠᠨ ᠤᠨᠤᠰᠢᠯᠠᠨ ᠡᠮᠨᠡᠬᠦ ᠳᠦᠷᠢᠮ ᠦᠨ ᠲᠠᠯ᠎ᠠ ᠪᠠᠷ ᠄ ᠡᠮᠴᠢᠯᠡᠭᠡᠨ ᠦ ᠬᠤᠯᠪᠤᠭᠠᠲᠤ ᠴᠤᠭᠴᠠ ᠶᠢᠨ ᠪᠠᠢᠭᠤᠯᠤᠯᠲᠠ ᠶᠢ ᠶᠡᠬᠡᠪᠡᠷ ᠠᠬᠢᠭᠤᠯᠵᠤ ᠂ ᠠᠢᠮᠠᠭ ᠬᠤᠲᠠ ᠨᠢᠭᠡᠪᠦᠷᠢ ᠳ᠋ᠤ ᠠᠳᠠᠭ ᠲᠠᠭᠠᠨ ᠨᠢᠬᠡ ᠬᠤᠪᠢ ᠢᠯᠡᠷᠬᠡᠢ ᠠᠮᠵᠢᠯᠲᠠ ᠪᠦᠳᠦᠮᠵᠢ ᠲᠡᠢ ᠬᠤᠲᠠ ᠶᠢᠨ ᠡᠮᠴᠢᠯᠡᠭᠡᠨ ᠦ ᠪᠦᠯᠦᠭᠯᠡᠯ ᠪᠤᠶᠤ ᠰᠢᠶᠠᠨ ᠤ ᠬᠡᠪᠴᠢᠶᠡᠨ ᠦ ᠡᠮᠴᠢᠯᠡᠭᠡᠨ ᠦ ᠬᠠᠮᠲᠤ ᠶᠢᠨ ᠴᠤᠭᠴᠠ ᠶᠢ ᠪᠠᠢᠭᠤᠯᠤᠨ᠎ᠠ ᠃
  ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠦᠨ ᠲᠠᠯ᠎ᠠ ᠪᠠᠷ ᠄ ᠡᠮᠴᠢᠯᠡᠭᠡᠨ ᠦ ᠦᠢᠯᠡᠴᠢᠯᠡᠭᠡ ᠶᠢᠨ ᠦᠨ᠎ᠡ ᠶᠢᠨ ᠲᠤᠬᠢᠷᠠᠭᠤᠯᠤᠯᠲᠠ ᠶᠢ ᠶᠡᠬᠡᠪᠡᠷ ᠠᠬᠢᠭᠤᠯᠵᠤ ᠂ ᠠᠢᠮᠠᠭ ᠬᠤᠲᠠ ᠪᠦᠷᠢ ᠳ᠋ᠤ ᠠᠳᠠᠭ ᠲᠠᠭᠠᠨ 20% ᠤᠨ ᠬᠤᠶᠠᠳᠤᠭᠠᠷ ᠲᠡᠰ ᠡᠴᠠ ᠲᠡᠭᠡᠭᠰᠢ ᠠᠯᠪᠠᠨ ᠡᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠤᠯᠤᠨ 10% ᠤᠨ ᠨᠡᠢᠭᠡᠮ ᠡᠴᠠ ᠡᠷᠬᠢᠯᠡᠭᠰᠡᠨ ᠠᠰᠢᠭ ᠬᠤᠨᠵᠢᠪᠤᠷᠢ ᠶᠢᠨ ᠪᠤᠰᠤ ᠡᠮᠨᠡᠯᠭᠡ ᠶᠢᠨ ᠬᠤᠷᠢᠶ᠎ᠠ ᠨᠡᠭᠡᠭᠡᠬᠦ ᠲᠤᠷᠰᠢᠯᠲᠠ ᠶᠢᠨ ᠴᠢᠭ᠌ ᠲᠠᠢ ᠪᠤᠯᠭᠠᠨ᠎ᠠ ᠃
  ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠳᠦᠷᠢᠮ ᠦᠨ ᠲᠠᠯ᠎ᠠ ᠪᠠᠷ ᠄ ᠲᠤᠰᠢᠶᠠᠬᠤ ᠬᠡᠯᠪᠡᠷᠢ ᠶᠢᠨ ᠦᠭᠡᠷᠡᠴᠢᠯᠡᠯᠲᠡ ᠶᠢ ᠶᠡᠬᠡᠪᠡᠷ ᠠᠬᠢᠭᠤᠯᠤᠨ᠎ᠠ ᠃ ᠪᠦᠬᠦ ᠤᠷᠤᠨ ᠤ ᠪᠦᠬᠦᠢᠯᠡ ᠬᠤᠶᠠᠳᠤᠭᠠᠷ ᠲᠡᠰ ᠡᠴᠠ ᠲᠡᠭᠡᠭᠰᠢᠬᠢ ᠡᠮᠨᠡᠯᠭᠡ ᠶᠢᠨ ᠬᠤᠷᠢᠶ᠎ᠠ ᠳ᠋ᠤ ᠪᠦᠷ ᠡᠪᠡᠳᠴᠢᠨ ᠦ ᠲᠦᠷᠦᠯ ᠢᠶᠡᠷ ᠰᠦᠢᠳᠬᠡᠯ ᠬᠤᠷᠢᠶᠠᠬᠤ ᠦᠭᠡᠷᠡᠴᠢᠯᠡᠯᠲᠡ ᠶᠢ ᠶᠠᠪᠤᠭᠤᠯᠵᠤ ᠂ ᠡᠪᠡᠳᠴᠢᠨ ᠦ ᠲᠦᠷᠦᠯ ᠦᠨ ᠲᠤᠭ᠎ᠠ ᠶᠢ 150 ᠡᠴᠠ ᠲᠡᠬᠡᠭᠰᠢ ᠪᠠᠢᠯᠭᠠᠨ᠎ᠠ ᠃ ᠮᠡᠳᠡᠷᠡᠯ ᠦᠨ ᠡᠪᠡᠳᠴᠢᠨ ᠂ ᠨᠠᠰᠤᠲᠠᠢᠴᠤᠳ ᠤᠨ ᠠᠷᠬᠠᠭ ᠡᠪᠡᠳᠴᠢᠨ ᠂ ᠭᠡᠷ ᠪᠦᠯᠢ ᠶᠢᠨ ᠡᠪᠡᠳᠴᠢᠨ ᠦ ᠤᠷᠤ ᠵᠡᠷᠭᠡ ᠶᠢ ᠡᠳᠦᠷ ᠲᠦ ᠡᠪᠡᠳᠴᠢᠨ ᠦ ᠤᠷᠤ ᠪᠠᠷ ᠰᠦᠢᠳᠬᠡᠯ ᠬᠤᠷᠢᠶᠠᠬᠤ ᠶᠢ ᠢᠳᠡᠪᠬᠢᠲᠡᠢ ᠠᠬᠢᠭᠤᠯᠤᠨ᠎ᠠ ᠃
  ᠡᠮ ᠦᠨ ᠵᠦᠢᠯ ᠦᠨ ᠬᠠᠩᠭᠠᠯᠭ᠎ᠠ ᠶᠢᠨ ᠪᠠᠲᠤᠯᠠᠭ᠎ᠠ ᠶᠢᠨ ᠳᠦᠷᠢᠮ ᠦᠨ ᠲᠠᠯ᠎ᠠ ᠪᠠᠷ ᠄ ᠠᠢᠮᠠᠭ ᠬᠤᠲᠠ ᠪᠤᠯᠤᠨ ᠡᠮᠴᠢᠯᠡᠭᠡᠨ ᠦ ᠬᠤᠯᠪᠤᠭᠠᠲᠤ ᠴᠤᠭᠴᠠ ᠦᠪᠡᠷ ᠢᠶᠡᠨ ᠬᠤᠳᠠᠯᠳᠤᠨ ᠠᠪᠬᠤ ᠶᠢ ᠠᠬᠢᠭᠤᠯᠵᠤ ᠂ ᠡᠮ ᠦᠨ ᠵᠦᠢᠯ ᠦᠨ ᠪᠦᠬᠦ ᠲᠦᠷᠦᠯ ᠵᠦᠢᠯ ᠳ᠋ᠤ ᠰᠦᠯᠵᠢᠶᠡᠨ ᠲᠡᠭᠡᠷ᠎ᠡ ᠬᠢᠨᠠᠨ ᠰᠢᠯᠭᠠᠵᠤ ᠬᠠᠮᠢᠶᠠᠷᠬᠤ ᠶᠢ ᠠᠬᠢᠭᠤᠯᠵᠤ ᠂ ᠬᠦᠷᠦᠯᠴᠡᠬᠦ ᠦᠬᠡᠢ ᠡᠮ ᠦᠨ ᠵᠦᠢᠯ ᠦᠨ ᠬᠠᠩᠭᠠᠯᠭ᠎ᠠ ᠶᠢᠨ ᠪᠠᠲᠤᠯᠠᠪᠤᠷᠢ ᠶᠢᠨ ᠪᠠᠢᠭᠤᠯᠤᠮᠵᠢ ᠶᠢ ᠲᠡᠭᠦᠯᠳᠡᠷᠵᠢᠭᠦᠯᠵᠦ ᠂ 《ᠬᠤᠶᠠᠷ ᠪᠢᠯᠧᠲ ᠤᠨ ᠳᠦᠷᠢᠮ 》 ᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ ᠂ ᠠᠯᠪᠠᠨ ᠡᠴᠠ ᠡᠷᠬᠢᠯᠡᠭᠰᠡᠨ ᠡᠮᠴᠢᠯᠡᠭᠡᠨ ᠦ ᠪᠠᠢᠭᠤᠯᠤᠮᠵᠢ ᠳ᠋ᠤ ᠦᠨᠳᠦᠰᠦᠨ ᠡᠮ ᠦᠨ ᠵᠦᠢᠯᠡᠰ ᠪᠤᠯᠤᠨ ᠡᠮᠨᠡᠯᠭᠡ ᠶᠢᠨ ᠲᠠᠭᠠᠳᠬᠠᠯ ᠤᠨ ᠬᠦᠬᠡ ᠲᠦᠷᠦᠯ ᠦᠨ ᠡᠮ ᠦᠨ ᠵᠦᠢᠯᠡᠰ ᠢ ᠤᠷᠢᠳᠠᠪᠡᠷ ᠳᠤᠬᠢᠷᠠᠭᠤᠯᠬᠤ ᠶᠢ ᠠᠬᠢᠭᠤᠯᠤᠨ᠎ᠠ ᠃
   ᠶᠡᠷᠦᠩᠬᠡᠢᠯᠡᠭᠰᠡᠨ ᠬᠢᠨᠠᠨ ᠬᠠᠮᠢᠶᠠᠷᠤᠯᠲᠠ ᠶᠢᠨ ᠳᠦᠷᠢᠮ ᠦᠨ ᠲᠠᠯ᠎ᠠ ᠪᠠᠷ ᠄ ᠰᠤᠭᠤᠴᠢᠨ ᠪᠠᠢᠴᠠᠭᠠᠬᠤ ᠬᠡᠪᠴᠢᠶ᠎ᠡ ᠶᠢ ᠪᠦᠬᠦ ᠠᠢᠮᠠᠭ ᠬᠤᠲᠠ ᠶᠢᠨ ᠪᠦᠬᠦᠢᠯᠡ ᠡᠮᠴᠢᠯᠡᠭᠡᠨ ᠦ ᠦᠢᠯᠡᠴᠢᠯᠡᠭᠡᠨ ᠦ ᠬᠢᠨᠠᠨ ᠬᠠᠮᠢᠶᠠᠷᠬᠤ ᠵᠦᠢᠯᠡᠰ ᠢ ᠪᠦᠷᠬᠦᠭᠦᠯᠦᠨ᠎ᠡ ᠃
     ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠦᠪᠦᠷ ᠮᠣᠩᠭᠣᠯ ᠤᠨ ᠡᠳᠦᠷ ᠦᠨ ᠰᠣᠨᠢᠨ 》ᠡᠴᠡ ᠰᠢᠯᠵᠢᠬᠦᠯᠤᠨ ᠪᠠᠭᠤᠯᠭᠠᠪᠠ

内蒙古加快建设5项基本医疗卫生制度

内蒙古自治区今年要加快5项基本医疗卫生制度建设,持续深化医药卫生体制改革。
  据介绍,在分级诊疗制度方面:大力推进医联体建设,每个盟市至少建设1个有明显成效的城市医疗集团或县域医共体。
  在现代医院管理制度方面:大力推进医疗服务价格调整,推进制定公立医院章程试点,每个盟市至少有20%的二级以上公立医院和10%社会办非营利性医院开展试点。
  在基本医保制度方面:大力推进支付方式改革。全区所有二级以上医院全部推行按病种收付费改革,病种数不少于150个。积极推进精神病、老年慢性病、家庭病床等按床日付费。
  在药品供应保障制度方面:大力推进盟市和医联体自行采购,推进药品全品种网上监测管理,完善短缺药品供应保障机制,全面落实“两票制”,推进公立医疗机构优先配备使用基本药物和医保甲类药品。
  在综合监管制度方面:大力推进“双随机一公开”监管制度,抽查范围覆盖所有盟市全部医疗服务监管事项。
  来源:内蒙古启言网摘自《内蒙古日报》

Posted in ᠡᠮ ᠡᠮᠨᠡᠯᠭᠡ ᠡᠷᠡᠭᠦᠯᠵᠢᠯ|医疗保健 and tagged .