ᠲᠠᠷᠢᠶᠠᠴᠢᠳ ᠢᠯᠡᠭᠦᠳᠡᠯ ᠠᠮᠤ ᠪᠤᠳᠠᠭ᠎ᠠ ᠪᠠᠨ ᠬᠤᠳᠠᠯᠳᠤᠨ ᠭᠠᠷᠦᠭᠠᠷᠠᠢ 农民应及时出售手中余粮

 

ᠦᠪᠦᠷ ᠮᠤᠩᠭ᠋ᠤᠯ ᠤᠨ ᠠᠮᠤ ᠪᠤᠳᠠᠭᠠᠨ ᠤ ᠲᠤᠪᠴᠢᠶ᠎ᠠ ᠢᠯᠡᠭᠦᠳᠡᠯ ᠠᠮᠤ ᠪᠠᠨ ᠬᠤᠳᠠᠯᠳᠤᠬᠤ ᠵᠢ ᠲᠠᠷᠢᠶᠠᠴᠢᠳ ᠲᠤ ᠰᠠᠨᠠᠭᠤᠯᠵᠦ ᠪᠤᠢ

ᠲᠦᠷᠦᠭᠦᠬᠡᠨ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠮᠤ ᠪᠤᠳᠠᠭᠠᠨ ᠤ ᠲᠤᠪᠴᠢᠶ᠎ᠠ ᠲᠠᠷᠢᠶᠠᠴᠢᠳ ᠢ ᠠᠰᠢᠬᠲᠠᠢ ᠨᠦᠬᠦᠴᠡᠯ ᠳᠤ ᠢᠯᠡᠭᠦᠳᠡᠯ ᠠᠮᠤ ᠪᠠᠨ ᠬᠤᠳᠠᠯᠳᠤᠵᠦ ᠬᠤᠬᠢᠷᠠᠯ ᠡᠴᠡ ᠵᠠᠶᠢᠯᠠᠰᠬᠢᠬᠦ ᠵᠢ ᠰᠠᠨᠠᠭᠤᠯᠵᠠᠢ᠃
 ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠮᠤ ᠪᠤᠳᠠᠭᠠᠨ ᠤ ᠲᠤᠪᠴᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠬᠰᠠᠨ ᠢᠶᠡᠷ᠂ 2017 ᠤᠨ ᠳᠤ ᠨᠠᠮᠤᠷ ᠤᠨ ᠤᠯᠠᠷᠢᠯ ᠤᠨ ᠠᠮᠤ ᠪᠤᠳᠠᠭ᠎ᠠ ᠵᠠᠬ᠎ᠠ ᠳᠤ ᠭᠠᠷᠤᠬᠰᠠ ᠡᠴᠡ ᠨᠠᠰᠢ ᠤᠷᠤᠨ ᠳᠠᠶᠠᠭᠠᠷ ᠤᠨ ᠡᠷᠳᠡᠨᠢ ᠰᠢᠰᠢ ᠶᠢᠨ ᠵᠠᠬ᠎ᠠ ᠬᠦᠭ᠍ᠵᠢᠭᠡᠨ ᠲᠠᠢ ᠪᠠᠶᠢᠳᠠᠯ ᠳᠤ ᠤᠷᠤᠵᠦ᠂ ᠬᠡᠷᠡᠭᠴᠡᠭᠡ ᠬᠠᠨᠭᠭᠠᠯᠭ᠎ᠠ ᠪᠦᠷ ᠰᠠᠶᠢᠨ᠂ ᠦᠨ᠎ᠡ ᠬᠠᠩᠰᠢ ᠨᠢ ᠴᠦ ᠦᠷᠭᠦᠯᠵᠢᠯᠡᠨ ᠦᠰᠴᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠷᠤᠬᠰᠢᠲᠠᠢ ᠶᠠᠪᠤᠬᠳᠠᠵᠠᠢ᠃ ᠢᠯᠡᠭᠦᠳᠡᠯ ᠠᠮᠤ ᠦᠷᠬᠦᠯᠵᠢᠯᠡᠨ ᠪᠠᠭᠠᠰᠬᠤ ᠵᠢ ᠳᠠᠭᠠᠯᠳᠤᠨ ᠪᠤᠯᠪᠠᠰᠤᠷᠠᠭᠤᠯᠬᠤ ᠲᠦᠭᠦᠬᠡᠢ ᠮᠠᠲ᠋ᠧᠷᠢᠶᠠᠯ ᠬᠤᠮᠰᠠᠳᠠᠭᠰᠠᠨ ᠢᠶᠡᠷ ᠤᠯᠤᠰ ᠡᠴᠡ ᠳᠦᠷ ᠴᠠᠭ ᠶᠡᠬᠡ ᠬᠡᠮᠵᠢᠶᠡᠨ ᠤ ᠡᠷᠳᠡᠨᠢ ᠰᠢᠰᠢ ᠨᠦᠭᠡᠴᠡᠯᠡᠵᠤ᠂ ᠡᠬᠦᠨ ᠢ ᠰᠢᠢᠳᠪᠦᠷᠢᠯᠡᠵᠦ ᠠᠮᠵᠢᠭ᠎ᠠ ᠦᠭᠡᠢ ᠪᠠᠶᠢᠬᠰᠠᠭᠠᠷ᠃ ᠬᠡᠷᠪᠡ ᠤᠯᠤᠰ ᠡᠴᠡ ᠲᠦᠷ ᠴᠠᠬ ᠨᠦᠭᠡᠴᠡᠯᠡᠭᠰᠡᠨ ᠡᠷᠳᠡᠨᠢ ᠰᠢᠰᠢ ᠵᠢ ᠬᠤᠳᠠᠯᠳᠤᠵᠦ ᠡᠬᠢᠯᠡᠬᠦ ᠳᠤ ᠬᠦᠷᠪᠡᠯ᠂ ᠡᠷᠳᠡᠨᠢ ᠰᠢᠰᠢ ᠶᠢᠨ ᠵᠠᠬ᠎ᠠ ᠳᠤ ᠰᠦᠬᠡᠷᠭᠦ ᠨᠦᠯᠦᠭᠡ ᠦᠵᠡᠭᠦᠯᠵᠦ ᠮᠡᠳᠡᠨ᠎ᠡ᠃ ᠲᠡᠶᠢᠮᠦ ᠡᠴᠡ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠮᠤ ᠪᠤᠳᠠᠭᠠᠨ ᠤ ᠲᠤᠪᠴᠢᠶ᠎ᠠ ᠨᠢ ᠲᠠᠷᠢᠶᠠᠴᠢᠳ ᠢ ᠠᠰᠢᠬᠲᠠᠢ ᠨᠦᠬᠦᠴᠡᠯ ᠳᠤ ᠢᠯᠡᠭᠦᠳᠡᠯ ᠠᠮᠦ ᠪᠠᠨ ᠬᠤᠳᠠᠯᠳᠤᠨ ᠭᠠᠷᠭᠠᠵᠦ ᠤᠷᠤᠯᠭ᠎ᠠ ᠪᠠᠨ ᠨᠡᠮᠡᠭᠳᠡᠬᠦᠯᠤᠨ ᠬᠤᠬᠢᠷᠠᠯ ᠡᠴᠡ ᠵᠠᠶᠢᠯᠠᠰᠬᠢᠬᠦ ᠵᠢ ᠰᠠᠨᠠᠭᠤᠯᠵᠠᠢ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠦᠪᠦᠷ ᠮᠤᠩᠭ᠋ᠤᠯ ᠤᠨ ᠡᠳᠦᠷ ᠤᠨ ᠰᠤᠨᠢᠨ 》ᠡᠴᠡ ᠰᠢᠯᠵᠢᠬᠦᠯᠤᠨ ᠪᠠᠭᠤᠯᠭᠠᠪᠠ

内蒙古粮食局提醒广大农民应适时出售手中余粮

日前,自治区粮食局发出提醒,广大农民要适时出售手中余粮,以免造成损失。
  据自治区粮食局相关负责人介绍,自2017年秋粮上市以来,全区玉米市场活跃,需求旺盛,市场总体呈现购销两旺、价格一路攀升的局面,粮食收购工作进展顺利。随着余粮持续减少,加工原料趋紧,国家大量临储玉米库存尚待消化。一旦国家启动临储玉米销售,很可能对玉米市场产生下行压力。为此自治区粮食局提醒广大农民朋友,把握有利时机出售手中余粮,增加种粮收益,避免造成不必要的损失。
     来源:内蒙古启言网摘自《内蒙古日报》

Posted in ᠤᠷᠤᠨ ᠨᠤᠲᠤᠭ |农牧信息 and tagged .