ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠠᠩᠬᠢ ᠶᠢ ᠵᠠᠰᠠᠨ ᠴᠡᠭᠴᠡᠯᠡᠬᠦ ᠪᠡᠷ ᠪᠤᠢ治理校外“补习班”

ᠦᠪᠦᠷ ᠮᠤᠩᠭᠤᠯ ᠤᠨ ᠲᠦᠷᠪᠡᠨ ᠰᠠᠯᠠᠭ᠎ᠠ ᠮᠦᠴᠢᠷ ᠬᠤᠯᠪᠤᠭᠠᠯᠠᠨ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠠᠩᠬᠢ ᠶᠢ ᠵᠠᠰᠠᠨ ᠴᠡᠭᠴᠡᠯᠡᠬᠦ ᠪᠡᠷ ᠪᠤᠢ

ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠲᠦᠷᠪᠡᠨ ᠰᠠᠯᠠᠭ᠎ᠠ ᠮᠦᠴᠢᠷ ᠬᠠᠮᠳᠤᠷᠠᠨ《ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠶᠡᠷᠦᠩᠬᠡᠶᠢᠯᠡᠨ ᠵᠠᠰᠠᠬᠤ ᠠᠵᠢᠯ ᠤᠨ ᠲᠦᠰᠦᠯ》ᠨᠡᠶᠢᠳᠡᠯᠡᠵᠤ᠂ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠲᠤᠰᠬᠠᠶᠢᠯᠠᠨ ᠵᠠᠰᠠᠬᠤ ᠠᠵᠢᠯᠯᠠᠭ᠎ᠠ ᠦᠷᠨᠢᠬᠦᠯᠬᠦ ᠪᠡᠷ ᠲᠤᠭᠳᠠᠵᠤ᠂ ᠬᠠᠤᠯᠢ ᠲᠦᠷᠢᠮ ᠪᠤᠰᠤ ᠪᠡᠷ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠬᠤᠷᠢᠭᠯᠠᠵᠤ᠂ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠡᠶᠡᠷᠬᠦ ᠤᠷᠴᠢᠨ ᠢ ᠪᠤᠢ ᠪᠤᠯᠭᠠᠨ᠎ᠠ᠃
   《ᠲᠦᠰᠦᠯ》 ᠳᠤ ᠬᠦᠨᠳᠤ ᠲᠤᠮᠤ ᠠᠶᠤᠯᠬᠦᠢ ᠶᠢᠨ ᠰᠤᠭᠤᠭ ᠤᠷᠤᠰᠢᠵᠤ ᠪᠤᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠲᠠᠷᠤᠢ ᠲᠦᠷᠭᠡᠨ ᠴᠡᠭᠴᠡᠯᠡᠨ ᠵᠤᠭᠰᠤᠭᠠᠵᠤ᠂ ᠪᠤᠯᠪᠠᠰᠤᠷᠠᠯ ᠤᠨ ᠪᠠᠶᠢᠭᠤᠯᠤᠮᠵᠢ ᠶᠢᠨ《ᠬᠦᠳᠦᠯᠪᠦᠷᠢ ᠡᠴᠡ ᠬᠡᠳᠤᠷᠡᠭᠰᠡᠨ ᠵᠢᠭᠠᠨ ᠰᠤᠷᠭᠠᠯᠳᠠ 》《ᠤᠷᠢᠳᠴᠢᠯᠠᠭᠰᠠᠨ ᠵᠢᠭᠠᠨ ᠰᠤᠷᠭᠠᠯᠳᠠ》《ᠰᠢᠯᠭᠠᠯᠳᠠ ᠳᠤ ᠵᠤᠷᠢᠭᠤᠯᠤᠭᠰᠠᠨ ᠡᠷᠴᠢᠮᠵᠢᠬᠦᠯᠦᠭᠰᠨᠨ ᠬᠢᠴᠢᠶᠡᠯ》ᠵᠡᠷᠬᠡ ᠡᠷᠡᠬᠦᠯ ᠪᠤᠰᠤ ᠠᠵᠢᠯᠯᠠᠭ᠎ᠠ ᠶᠢ ᠵᠠᠰᠨᠨ ᠰᠢᠶ᠋ᠳᠪᠦᠷᠢᠯᠡᠨ᠎ᠡ᠃ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢ ᠵᠤᠬᠢᠶᠠᠨ ᠪᠠᠶᠢᠭᠤᠯᠵᠤ ᠵᠡᠷᠬᠡ ᠲᠡᠰ ᠤᠨ ᠰᠢᠯᠭᠠᠯᠳᠠ ᠵᠢᠴᠢ ᠲᠡᠮᠡᠴᠡᠬᠡᠨ ᠳᠤ ᠤᠷᠤᠭᠤᠯᠬᠤ ᠶᠢ ᠡᠷᠡᠰ ᠬᠤᠷᠢᠭᠯᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠰᠤᠷᠭᠠᠭᠤᠯᠢ ᠳᠤ ᠤᠷᠤᠬᠤ ᠶᠢ ᠪᠤᠯᠪᠠᠰᠤᠷᠠᠯ ᠤᠨ ᠠᠩᠬᠢ ᠳᠤ ᠰᠤᠷᠤᠯᠴᠠᠭᠰᠠᠨ ᠳ᠋ᠦᠩ ᠲᠠᠢ ᠬᠤᠯᠪᠤᠬᠤ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠶᠢᠨ ᠬᠠᠮᠳᠤ ᠬᠤᠯᠪᠤᠭᠳᠠᠯ ᠪᠦᠬᠦᠢ ᠪᠠᠶᠢᠭᠤᠯᠤᠮᠵᠢ ᠪᠤᠯᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠡᠴᠡ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠡᠬᠦᠨ ᠡᠴᠡ ᠭᠠᠳᠠᠨ᠎ᠠ᠂ ᠬᠤᠯᠪᠤᠭᠳᠠᠯ ᠪᠦᠬᠦᠢ ᠰᠤᠷᠭᠠᠭᠤᠯᠢ ᠶᠢᠨ ᠪᠤᠰᠤ ᠪᠤᠯᠪᠠᠰᠤᠷᠠᠯ ᠡᠷᠬᠢᠯᠡᠬᠦ ᠪᠢᠴᠢᠭ᠌ ᠪᠠᠷᠢᠮᠳᠠ ᠦᠭᠡᠢ ᠪᠠᠶᠢᠭᠤᠯᠤᠮᠵᠢ ᠶᠢ ᠵᠠᠰᠠᠨ ᠴᠡᠭᠴᠡᠯᠡᠨ᠎ᠡ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠰᠢᠨᠬᠤᠸᠠ ᠨᠧᠲ 》ᠡᠴᠡ ᠰᠢᠯᠵᠢᠬᠦᠯᠤᠨ ᠪᠠᠭᠤᠯᠭᠠᠪᠠ

 

内蒙古四部门联合治理校外“补习班”

近日,内蒙古自治区教育厅、内蒙古自治区民政厅、内蒙古自治区人力资源和社会保障厅、内蒙古自治区工商局四部门联合出台发布《内蒙古自治区校外培训机构综合治理工作方案》,决定开展校外培训机构专项治理行动,遏制违法违规办学行为,培育校外培训教育的良好生态。
  《方案》要求坚决纠正校外培训机构开展学科类培训(主要指语文、数学等)出现的“超纲教学”“提前教育”“强化应试”等不良行为,不得对学龄前儿童进行小学化(课程)教育;严禁校外培训机构组织中小学等级考试及竞赛,坚决查处将校外培训机构培训结果与中小学生招生入学挂钩的行为;坚决查处中小学校不遵守教学计划、“非零起点教学”等行为,坚决查处中小学教师“课上不讲课下讲,校内不讲校外培训机构讲”,并诱导或逼迫学生参加校外培训机构进行培训等行为。此外,对未取得相关办学证书的校外培训机构进行整改。
     来源:内蒙古启言网摘自《内蒙古晨报》

Posted in ᠰᠤᠷᠭᠠᠨ ᠬᠦᠮᠦᠵᠢᠯ ᠪᠤᠯᠪᠠᠰᠤᠷᠠᠯ|教育培训.