ᠶᠦᠨᠨᠠᠨ ᠮᠤᠵᠢ ᠤᠯᠤᠰ ᠳᠠᠶᠠᠭᠠᠷ ᠤᠨ ᠵᠠᠯᠠᠭᠤ ᠪᠠᠭᠠᠴᠣᠳ ᠤᠨ ᠰᠤᠷᠭᠠᠭᠤᠯᠢ ᠶᠢᠨ ᠬᠦᠷᠢᠶᠡᠨ ᠤ···云南成为全国青少年校园足球改革试验区

ᠶᠦᠨᠨᠠᠨ ᠮᠤᠵᠢ ᠤᠯᠤᠰ ᠳᠠᠶᠠᠭᠠᠷ ᠤᠨ ᠵᠠᠯᠠᠭᠤ ᠪᠠᠭᠠᠴᠣᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠪᠤᠯᠪᠠ

ᠰᠤᠷᠭᠠᠨ ᠬᠦᠮᠦᠵᠢᠯ ᠤᠨ ᠶᠠᠮᠤᠨ ᠤ ᠳᠡᠳ᠋ ᠰᠠᠶᠢᠳ᠂ ᠤᠯᠤᠰ ᠳᠠᠶᠠᠭᠠᠷ ᠤᠨ ᠵᠠᠯᠠᠭᠤ ᠪᠠᠭᠠᠴᠣᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠠᠵᠢᠯ ᠤᠨ ᠤᠳᠤᠷᠢᠳᠬᠤ ᠪᠠᠬ ᠤᠨ ᠳᠡᠳ᠋ ᠳᠠᠷᠤᠭ᠎ᠠ ᠲᠢᠶᠠᠨ ᠰᠢᠤᠸᠠᠢ ᠵᠢᠶᠦ᠋ᠨ 15 ᠤ ᠡᠳᠦᠷ ᠶᠦᠨᠨᠠᠨ ᠳᠤ ᠫᠠᠶᠢᠰᠠ ᠢᠯᠡᠷᠬᠡᠶᠢᠯᠡᠯ ᠭᠠᠷᠳᠠᠭᠤᠯᠵᠦ᠂ ᠶᠦᠨᠨᠠᠨ ᠮᠤᠵᠢ ᠨᠢ ᠵᠢᠩᠬᠢᠨᠢ ᠪᠡᠷ ᠤᠯᠤᠰ ᠳᠠᠶᠠᠭᠠᠷ ᠤᠨ ᠵᠠᠯᠠᠭᠤ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠪᠤᠯᠤᠯ᠎ᠠ᠃

ᠰᠡᠭᠦᠯ ᠤᠨ ᠵᠢᠯ ᠤᠳ ᠲᠤ ᠶᠦᠨᠨᠠᠨ ᠮᠤᠵᠢ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠦᠢᠯᠡᠰ ᠢ ᠠᠬᠢᠭᠤᠯᠬᠤ ᠳᠤ ᠰᠠᠶᠢᠨ ᠦᠷ᠎ᠡ ᠪᠦᠲᠦᠮᠵᠢ ᠤᠯᠵᠦ᠂ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠵᠢ ᠲᠦᠭᠡᠮᠡᠯᠵᠢᠭᠦᠯᠬᠦ᠂ ᠪᠤᠯᠪᠠᠰᠤᠷᠠᠯ ᠤᠨ ᠲᠠᠯᠠᠪᠠᠢ ᠪᠠᠶᠢᠭᠤᠯᠬᠤ᠂ ᠲᠡᠮᠡᠴᠡᠭᠡᠨ ᠵᠤᠬᠢᠶᠠᠨ ᠪᠠᠶᠢᠭᠤᠯᠬᠤ᠂ ᠰᠤᠷᠭᠠᠭᠤᠯᠢ ᠳᠤ ᠳᠠᠪᠰᠢᠭᠤᠯᠬᠤ᠂ ᠲᠠᠮᠢᠷ ᠤᠨ ᠬᠦᠳᠡᠯᠭᠡᠭᠡᠨ ᠤ ᠡᠷᠡᠰᠳᠡᠯ ᠢ ᠰᠡᠷᠭᠡᠶᠢᠯᠡᠬᠦ ᠲᠠᠯ᠎ᠡ ᠪᠡᠷ ᠵᠤᠬᠢᠬᠤ ᠲᠤᠷᠰᠢᠯᠭ᠎ᠠ ᠬᠤᠷᠠᠮᠳᠤᠭᠤᠯᠵᠠᠢ᠃ 2017 ᠤᠨ ᠪᠤᠯᠲᠠᠯ᠎ᠠ᠂ ᠶᠦᠨᠨᠠᠨ ᠮᠤᠵᠢ ᠨᠡᠶᠢᠲᠡ 534 ᠲᠦᠷᠦ ᠶᠢᠨ ᠵᠡᠷᠭᠡᠯᠡᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠤᠨᠴᠠᠯᠢᠬᠲᠤ ᠰᠤᠷᠭᠠᠭᠤᠯᠢ ᠪᠤᠯᠤᠨ 3 ᠲᠦᠷᠦ ᠶᠢᠨ ᠵᠡᠷᠭᠡᠯᠡᠯ ᠤᠨ ᠰᠤᠷᠭᠠᠭᠤᠯᠢ ᠶᠢᠨ ᠬᠦᠷᠢᠶᠡᠨ ᠤ ᠲᠤᠷᠰᠢᠯᠲᠠ ᠶᠢᠨ ᠴᠢᠬ ᠪᠠᠶᠢᠭᠤᠯᠤᠬᠰᠠᠨ ᠪᠠ ᠳᠠᠪᠬᠤᠷᠳᠠᠬᠰᠠᠨ ᠲᠤᠭ᠎ᠠ ᠪᠡᠷ 3600 ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠪᠠᠬᠰᠢ ᠬᠦᠮᠦᠵᠢᠭᠦᠯᠵᠦ᠂ ᠭᠠᠳᠠᠭᠠᠳᠤ ᠤᠯᠤᠰ ᠤᠨ 28 ᠲᠠᠰᠬᠠᠯᠵᠢᠭᠤᠯᠤᠬᠴᠢ ᠤᠷᠢᠵᠦ ᠬᠡᠷᠡᠭᠯᠡᠨ᠂ ᠵᠢᠯ ᠪᠦᠷᠢ ᠪᠠᠷᠤᠬ ᠳᠠᠪᠬᠤᠷᠳᠠᠬᠰᠠᠨ ᠲᠤᠭ᠎ᠠ ᠪᠡᠷ 75 ᠲᠦᠮᠡᠨ ᠰᠤᠷᠤᠬᠴᠢ ᠡᠯ᠎ᠡ ᠲᠦᠷᠦᠯ ᠤᠨ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠲᠡᠮᠡᠴᠡᠭᠡᠨ ᠳᠤ ᠤᠷᠤᠯᠴᠠᠵᠦ ᠪᠤᠢ᠃

ᠢᠷᠡᠯᠳᠡ᠄ ᠰᠢᠨᠬᠤᠸᠠ ᠬᠤᠷᠢᠶ᠎ᠠ

云南成为全国青少年校园足球改革试验区

教育部副部长、全国青少年校园足球工作领导小组副组长田学军15日为云南授牌,使云南正式成为全国青少年校园足球改革试验区。

  近年来,云南在推动校园足球工作上取得了扎实成效,在校园足球的普及、师资、场地、竞赛、升学、运动风险防范上探索出了一定经验。截至2017年,云南共建有534所国家级校园足球特色学校和3个国家级校园足球试点县,培养校园足球教师3600人次,引进校园足球外籍教练28人,每年约有75万人次学生参加各类校园体育比赛。

  

Posted in ᠤᠷᠤᠯᠳᠤᠭᠠᠨ ᠨᠠᠭᠠᠳᠤᠮ| 赛事赛况 and tagged .