ᠰᠤᠷᠭᠠᠨ ᠬᠦᠮᠦᠵᠢᠯ ᠦᠨ ᠶᠠᠮᠤᠨ 2018 ᠤᠨ ᠤ ᠲᠡᠭᠡᠳᠤ ᠰᠤᠷᠭᠠᠭᠤᠯᠢ ᠳ᠋ᠤ ··· 教育部统一公布2018年高考举报电话

ᠰᠤᠷᠭᠠᠨ ᠬᠦᠮᠦᠵᠢᠯ ᠦᠨ ᠶᠠᠮᠤᠨ 2018 ᠤᠨ ᠤ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ ᠵᠢᠨ ᠢᠯᠡᠴᠢᠯᠡᠨ ᠮᠡᠳᠡᠬᠦᠯᠬᠦ ᠤᠳᠠᠰᠤᠨ ᠳ᠋ᠤᠭᠠᠷ ᠢ ᠨᠢᠭᠡᠲᠦᠯᠲᠠᠢ ᠨᠡᠢᠲᠡᠯᠡᠪᠡ

ᠤᠢᠷ᠎ᠠ ᠳ᠋ᠤ ᠂ ᠰᠤᠷᠭᠠᠨ ᠬᠦᠮᠦᠵᠢᠯ ᠦᠨ ᠶᠠᠮᠤᠨ ᠡᠴᠠ ᠳᠤᠰ ᠶᠠᠮᠤᠨ ᠵᠢᠴᠢ ᠪᠦᠬᠦ ᠤᠯᠤᠰ ᠤᠨ 31 ᠮᠤᠵᠢ (ᠤᠷᠤᠨ ᠂ ᠬᠤᠲᠠ ) ᠵᠢᠨ ᠰᠤᠷᠭᠠᠨ ᠬᠦᠮᠦᠵᠢᠯ ᠦᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠠ ᠰᠤᠷᠤᠭᠴᠢ ᠡᠯᠰᠡᠬᠦ ᠰᠢᠯᠭᠠᠯᠲᠠ ᠵᠢᠨ ᠪᠠᠢᠭᠤᠯᠤᠮᠵᠢ ᠵᠢᠨ 2018  ᠤᠨ ᠤ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ ᠵᠢᠨ ᠢᠯᠡᠴᠢᠯᠡᠨ ᠮᠡᠳᠡᠬᠦᠯᠬᠦ ᠤᠳᠠᠰᠤᠨ ᠳ᠋ᠤᠭᠠᠷ ᠢ ᠨᠢᠭᠡᠲᠦᠯᠲᠠᠢ ᠨᠡᠢᠲᠡᠯᠡᠵᠤ ᠂ ᠦᠷᠭᠡᠨ ᠤᠯᠠᠨ ᠰᠢᠯᠭᠠᠭᠤᠯᠤᠭᠴᠢ ᠂ ᠭᠡᠷ ᠦᠨ ᠠᠬᠠᠮᠠᠳ ᠵᠢᠴᠢ ᠨᠡᠢᠭᠡᠮ ᠦᠨ ᠡᠯ᠎ᠡ ᠡᠳᠡᠭᠡᠳ ᠦᠨ ᠬᠢᠨ ᠤ 2018  ᠤᠨ ᠤ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ ᠵᠢᠨ ᠠᠮᠤᠷ ᠲᠦᠪᠰᠢᠨ ᠳ᠋ᠤ ᠬᠤᠯᠪᠤᠭᠳᠠᠭᠰᠠᠨ ᠰᠦᠪᠡᠭᠴᠢ ᠵᠢ ᠴᠠᠭ ᠲᠤᠬᠠᠢ ᠳ᠋ᠤᠨᠢ ᠢᠯᠡᠴᠢᠯᠡᠨ ᠮᠡᠳᠡᠭᠦᠯᠵᠤ ᠲᠤᠰᠬᠠᠬᠤ ᠵᠢ ᠬᠦᠰᠡᠭᠰᠡᠨ ᠪᠠᠢᠨ᠎ᠠ ᠃ ᠰᠤᠷᠭᠠᠨ ᠬᠦᠮᠦᠵᠢᠯ ᠦᠨ ᠶᠠᠮᠤᠨ ᠵᠢᠴᠢ ᠡᠯ᠎ᠡ ᠮᠤᠵᠢ (ᠤᠷᠤᠨ ᠂ ᠬᠤᠲᠠ ) ᠵᠢᠨ ᠬᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠡᠢ ᠬᠠᠮᠳᠤᠷᠠᠨ ᠢᠯᠡᠴᠢᠯᠡᠨ ᠮᠡᠳᠡᠬᠦᠯᠦᠭᠰᠡᠨ ᠰᠦᠪᠡᠭᠴᠢ ᠵᠢ ᠦᠨᠳᠦᠰᠦᠯᠡᠨ ᠲᠡᠷᠡ ᠲᠠᠷᠤᠢ ᠪᠠᠢᠴᠠᠭᠠᠨ ᠰᠢᠳᠪᠤᠷᠢᠯᠡᠵᠤ ᠂ ᠲᠡᠭᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ ᠵᠢᠨ ᠡᠷᠭᠡ ᠲᠡᠭᠰᠢ ᠲᠦᠪ ᠭᠤᠤᠯᠴᠢ ᠪᠠᠢᠬᠤ ᠵᠢ ᠡᠷᠡᠰ ᠬᠠᠮᠠᠭᠠᠯᠠᠬᠤ ᠪᠤᠯᠤᠨ᠎ᠠ ᠃

ᠰᠤᠷᠭᠠᠨ ᠬᠦᠮᠦᠵᠢᠯ ᠦᠨ ᠶᠠᠮᠤᠨ ᠄ 66092315᠂ 66093315 ᠰᠤᠷᠭᠠᠨ ᠬᠦᠮᠦᠵᠢᠯ ᠦᠨ ᠶᠠᠮᠤᠨ ᠤ ᠰᠢᠯᠭᠠᠯᠲᠠ ᠵᠢᠨ ᠲᠦᠪ ᠄ 010-82520029

ᠢᠷᠡᠯᠲᠡ : ᠠᠷᠠᠳ ᠤᠨ ᠰᠦᠯᠵᠢᠶ᠎ᠡ

教育部统一公布2018年高考举报电话

近日,教育部统一公布了教育部以及全国31个省(区、市)教育行政部门和招生考试机构2018年的高考举报电话,欢迎广大考生、家长及社会各界人士及时举报反映涉及2018年高考安全的线索。教育部及各省(区、市)将会同有关部门根据举报线索第一时间核查处理,坚决维护高考公平公正。

教育部:66092315、66093315 教育部考试中心:010-82520029
  

Posted in ᠲᠠᠨ ᠤ ᠠᠩᠬᠠᠷᠤᠯ ᠳ᠋ᠤ|热点信息 and tagged .