ᠦᠪᠦᠷ ᠮᠤᠩᠭ᠋ᠤᠯ ᠬᠡᠷ ᠤᠨ ᠡᠮᠴᠢ ᠶᠢᠨ App ᠶ᠋ᠢᠨ ᠬᠡᠷ᠎ᠡ ᠪᠠᠶᠢᠭᠤᠯᠤᠨ ᠦᠢᠯᠡᠴᠢᠯᠡᠬᠦ ᠶᠢ ᠴᠢᠩᠭ᠋ᠠᠳᠬᠠᠨ᠎ᠠ内蒙古加强家医App签约

 

ᠦᠪᠦᠷ ᠮᠤᠩᠭ᠋ᠤᠯ ᠬᠡᠷ ᠤᠨ ᠡᠮᠴᠢ ᠶᠢᠨ App ᠶ᠋ᠢᠨ ᠬᠡᠷ᠎ᠡ ᠪᠠᠶᠢᠭᠤᠯᠤᠨ ᠦᠢᠯᠡᠴᠢᠯᠡᠬᠦ ᠶᠢ ᠴᠢᠩᠭ᠋ᠠᠳᠬᠠᠨ᠎ᠠ

ᠤᠶᠢᠷ᠎ᠠ ᠳᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠡᠴᠡ ᠮᠡᠳᠡᠭᠳᠡᠯ ᠲᠠᠷᠬᠠᠭᠠᠵᠤ᠂ ᠡᠯ᠎ᠡ ᠠᠶᠢᠮᠠᠬ ᠬᠤᠳᠠ ᠶᠢᠨ ᠬᠡᠷ ᠪᠦᠯᠢ ᠶᠢᠨ ᠡᠮᠴᠢ ᠶᠢᠨ ᠤᠨᠯᠠᠶᠢᠨ ᠢᠶᠡᠷ ᠬᠡᠷ᠎ᠠ ᠪᠠᠶᠢᠭᠤᠯᠤᠨ ᠦᠢᠯᠡᠴᠢᠯᠡᠬᠦ ᠶᠢ ᠱᠠᠭᠠᠷᠳᠠᠵᠠᠢ᠃

ᠮᠡᠳᠡᠭᠳᠡᠯ ᠳᠤ᠂ 2018 ᠤᠨ ᠳᠤ ᠡᠯ᠎ᠡ ᠠᠶᠢᠮᠠᠭ ᠬᠤᠳᠠ App ᠤᠨᠯᠠᠶᠢᠨ ᠦᠢᠯᠡᠴᠢᠯᠡᠬᠡ ᠶᠢ ᠬᠡᠷᠡᠭᠵᠢᠬᠦᠯᠤᠨ ᠭᠤᠤᠯᠳᠠᠯᠭ᠎ᠠ ᠲᠠᠢ ᠬᠦᠮᠦᠰ ᠲᠤ ᠤᠷᠢᠳᠠᠪᠡᠷ ᠦᠢᠯᠡᠴᠢᠯᠡᠬᠡ ᠬᠠᠩᠭ᠋ᠠᠵᠤ᠂ ᠶᠠᠳᠠᠭᠤ ᠬᠦᠴᠢᠷᠳᠡᠯᠲᠡᠢ ᠬᠦᠮᠦᠨ ᠪᠤᠯᠤᠨ ᠲᠦᠯᠦᠪᠯᠡᠬᠡᠳᠤ ᠦᠷᠡᠵᠢᠯ ᠤᠨ ᠲᠤᠰᠬᠠᠢ ᠬᠡᠷ ᠪᠦᠯᠢ ᠶᠢᠨ ᠦᠢᠯᠡᠴᠢᠯᠡᠬᠡ ᠶᠢ ᠵᠤᠬᠢᠰᠲᠠᠢ ᠪᠡᠶᠡᠯᠡᠬᠦᠯᠵᠤ᠂ ᠡᠷᠡᠬᠦᠯ ᠮᠡᠨᠳᠤ ᠶᠢᠨ ᠬᠠᠮᠢᠶᠠᠷᠤᠯᠳᠠ ᠶᠢ ᠭᠤᠤᠯᠳᠠᠯᠭ᠎ᠠ ᠲᠠᠢ ᠬᠡᠷᠡᠭᠵᠢᠬᠦᠯᠵᠤ᠂ ᠬᠡᠷ᠎ᠡ ᠶᠢᠨ ᠦᠢᠯᠡᠴᠢᠯᠡᠬᠡᠨ ᠤ ᠨᠤᠷᠮ᠎ᠠ ᠶᠢ 100% ᠳᠤ ᠬᠦᠷᠬᠡᠬᠦ ᠶᠢ ᠪᠡᠶᠡᠯᠡᠬᠦᠯᠬᠦ ᠬᠡᠷᠡᠭᠲᠡᠢ᠃ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠤᠨ ᠰᠤᠳᠤᠯᠤᠨ ᠭᠠᠷᠭᠠᠭᠰᠠᠨ ᠬᠡᠷ ᠤᠨ ᠡᠮᠴᠢ ᠶᠢᠨ ᠬᠡᠷ᠎ᠡ ᠶᠢᠨ ᠦᠢᠯᠡᠴᠢᠯᠡᠬᠡᠨ ᠤ App ᠰᠢᠰᠲ᠋ᠧᠮ ᠢ ᠡᠯ᠎ᠡ ᠠᠶᠢᠮᠠᠬ ᠬᠤᠳᠠ  ᠢᠳᠡᠪᠬᠢᠲᠡᠢ ᠬᠡᠷᠡᠭᠵᠢᠬᠦᠯᠵᠤ᠂ ᠬᠡᠷ ᠤᠨ ᠡᠮᠴᠢ ᠵᠢᠴᠢ ᠬᠡᠷ᠎ᠡ ᠲᠤᠭᠳᠠᠭᠰᠠᠨ ᠢᠷᠭᠡᠳ ᠤᠨ App ᠳ᠋ᠤ ᠪᠦᠷᠢᠳᠬᠡᠬᠦᠯᠬᠦ ᠠᠵᠢᠯ ᠢ ᠰᠠᠶᠢᠳᠤᠷ ᠬᠢᠬᠦ ᠬᠡᠷᠡᠭᠲᠡᠢ᠃ ᠡᠯ᠎ᠡ ᠭᠠᠵᠠᠷ ᠤᠨ ᠬᠢᠨ ᠬᠡᠷ ᠤᠨ ᠡᠮᠴᠢ ᠶᠢᠨ ᠬᠡᠷ᠎ᠡ ᠶᠢᠨ ᠦᠢᠯᠡᠴᠢᠯᠡᠬᠡᠨ ᠤ ᠰᠤᠷᠠᠭ ᠵᠠᠩᠬᠢ ᠶᠢᠨ ᠰᠢᠰᠲ᠋ᠧᠮ ᠪᠤᠯᠤᠨ ᠦᠨᠳᠤᠰᠦᠨ ᠨᠡᠶᠢᠳᠡ ᠶᠢᠨ ᠡᠷᠡᠬᠦᠯ ᠬᠠᠮᠠᠭᠠᠯᠠᠯ᠂ ᠦᠨᠳᠤᠰᠦᠨ ᠡᠮᠴᠢᠯᠡᠬᠡ᠂ ᠡᠮᠴᠢᠯᠡᠬᠡᠨ ᠤ ᠲᠠᠭᠠᠳᠬᠠᠯ ᠵᠡᠷᠬᠡ ᠰᠤᠷᠠᠭ ᠵᠠᠩᠬᠢ ᠶᠢᠨ ᠰᠢᠰᠲ᠋ᠧᠮ ᠤᠨ ᠨᠧᠲ ᠬᠤᠯᠪᠤᠭᠳᠠᠬᠤ ᠠᠵᠢᠯ ᠢᠶᠡᠨ ᠴᠢᠩᠭ᠋ᠠᠳᠬᠠᠵᠤ᠂ ᠬᠡᠷ᠎ᠡ ᠶᠢᠨ ᠦᠢᠯᠡᠴᠢᠯᠡᠬᠡᠨ ᠤ ᠰᠢᠰᠲ᠋ᠧᠮ ᠪᠤᠯᠤᠨ ᠬᠤᠯᠪᠤᠭᠳᠠᠯ ᠪᠦᠬᠦᠢ ᠰᠤᠷᠠᠭ ᠵᠠᠩᠬᠢ ᠶᠢ ᠨᠡᠶᠢᠳᠬᠡᠬᠦ ᠪᠤᠯᠤᠨ ᠬᠤᠪᠢᠶᠠᠯᠴᠠᠬᠤ ᠶᠢ ᠪᠡᠶᠡᠯᠡᠬᠦᠯᠬᠦ ᠬᠡᠷᠡᠭᠲᠡᠢ ᠭᠡᠵᠤ ᠱᠠᠭᠠᠷᠳᠠᠭᠰᠠᠨ ᠪᠠᠶᠢᠨ᠎ᠠ᠃

ᠢᠷᠡᠯᠳᠡ᠄ ᠡᠷᠡᠬᠦᠯ ᠮᠡᠨᠳᠤ ᠶᠢᠨ ᠰᠤᠨᠢᠨ

 

内蒙古加强家医App签约

近日,内蒙古自治区卫生部门印发通知,要求各盟市加强家庭医生线上App签约的注册与服务。

通知要求,2018年,所有盟市实施App线上签约服务,优先签约服务重点人群,贫困人口和计划生育特殊家庭签约服务要实现应签尽签,重点实施健康管理干预,签约后服务率达到100%。各盟市要积极应用自治区卫生部门研发的家庭医生签约服务App系统,做好家庭医生及签约群众App注册工作。各地要加强家庭医生签约服务信息系统与基本公共卫生、基本医疗、医疗保险等信息系统互联互通工作,逐步实现签约服务系统与相关数据信息的整合与共享。

Posted in ᠠᠮᠢᠳᠤᠷᠠᠯ ᠤᠨ ᠬᠠᠨᠢ|生活之友 and tagged .