ᠲᠦᠩᠯᠢᠶᠤᠤ ᠬᠤᠲᠠ ᠶᠢᠨ ᠠᠩᠬᠠᠲᠤᠭᠠᠷ ᠬᠤᠭᠤᠴᠠᠭᠠᠨ ᠤ ᠮᠤᠩᠭᠤᠯ ᠬᠤᠪᠴᠠᠰᠤ ᠵᠠᠰᠠᠯ ···通辽市首届蒙古族服装服饰大赛开幕

ᠲᠦᠩᠯᠢᠶᠤᠤ ᠬᠤᠲᠠ ᠶᠢᠨ ᠠᠩᠬᠠᠲᠤᠭᠠᠷ ᠬᠤᠭᠤᠴᠠᠭᠠᠨ ᠤ ᠮᠤᠩᠭᠤᠯ ᠬᠤᠪᠴᠠᠰᠤ ᠵᠠᠰᠠᠯ ᠤᠨ ᠤᠷᠤᠯᠲᠤᠭᠠᠨ ᠠᠮᠵᠢᠯᠲᠠ ᠲᠠᠢ ᠪᠤᠯᠵᠤ ᠦᠩᠭᠡᠷᠡᠯ᠎ᠡ

ᠲᠦᠩᠯᠢᠶᠤᠤ ᠬᠤᠲᠠ ᠶᠢᠨ ᠠᠩᠬᠠᠲᠤᠭᠠᠷ ᠬᠤᠭᠤᠴᠠᠭᠠᠨ ᠤ ᠮᠤᠩᠭᠤᠯ ᠬᠤᠪᠴᠠᠰᠤ ᠵᠠᠰᠠᠯ ᠤᠨ ᠤᠷᠤᠯᠲᠤᠭᠠᠨ ᠤ ᠱᠠᠩᠨᠠᠯ ᠤᠯᠭᠤᠬᠤ ᠦᠲᠡᠰᠢᠯᠡᠭᠡ 26 ᠤ ᠤᠷᠤᠢ ᠲᠦᠩᠯᠢᠶᠤᠤ ᠬᠤᠲᠠ ᠳ᠋ᠤ ᠠᠮᠵᠢᠯᠲᠠ ᠲᠠᠢ ᠪᠤᠯᠵᠤ ᠦᠩᠭᠡᠷᠡᠯ᠎ᠡ᠃
   ᠲᠦᠩᠯᠢᠶᠤᠤ ᠬᠤᠲᠠ ᠶᠢᠨ ᠬᠡᠪᠴᠢᠶᠠᠨ ᠤ 30 ᠪᠠᠭ 600 ᠭᠠᠷᠤᠢ ᠬᠦᠮᠦᠰ ᠤᠨ ᠤᠷᠤᠯᠴᠠᠭᠰᠠᠨ ᠲᠤᠰ ᠬᠤᠭᠤᠴᠠᠭᠠᠨ ᠤ ᠮᠤᠩᠭᠤᠯ ᠬᠤᠪᠴᠠᠰᠤ ᠵᠠᠰᠠᠯ ᠤᠨ ᠤᠷᠤᠯᠲᠤᠭᠠᠨ ᠨᠢ ᠤᠯᠠᠮᠵᠢᠯᠠᠯᠲᠤ ᠮᠤᠩᠭᠤᠯ ᠬᠤᠪᠴᠠᠰᠤ ᠵᠠᠰᠠᠯ᠂ ᠤᠲᠤ ᠦᠶ᠎ᠠ ᠶᠢᠨ ᠮᠤᠩᠭᠤᠯ ᠬᠤᠪᠴᠠᠰᠤ ᠵᠠᠰᠠᠯ᠂ ᠮᠤᠩᠭᠤᠯ ᠡᠯᠧᠮᠧᠨ᠋ᠲ ᠪᠦᠬᠦᠢ ᠲᠤᠬᠠᠶᠢᠯᠠᠭᠰᠠᠨ ᠠᠵᠢᠯ ᠤᠨ ᠬᠤᠪᠴᠠᠰᠤ ᠵᠠᠰᠠᠯ ᠭᠡᠬᠦ ᠭᠤᠷᠪᠠᠨ ᠲᠦᠷᠦᠯ ᠶᠢᠡᠷ ᠶᠠᠪᠤᠭᠲᠠᠵᠤ ᠰᠢᠭᠦᠭᠴᠢ ᠶᠢᠨ ᠲᠦᠪ ᠭᠤᠤᠯᠴᠢ᠂ ᠲᠤᠰᠬᠠᠢ ᠮᠡᠷᠭᠡᠵᠢᠯ ᠤᠨ ᠤᠨᠤᠭ᠎ᠠ ᠦᠭᠬᠦᠯᠲᠡ ᠪᠡᠷ ᠵᠠᠷᠤᠳ ᠬᠤᠰᠢᠭᠤᠨ ᠤ ᠮᠤᠩᠭᠤᠯ ᠬᠤᠪᠴᠠᠰᠤ ᠵᠠᠰᠠᠯ ᠤᠨ ᠨᠡᠶᠢᠭᠡᠮᠯᠢᠭ᠂ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤᠨ ᠤ ᠤᠲᠤ ᠦᠶ᠎ᠠ ᠶᠢᠨ ᠬᠤᠪᠴᠠᠰᠤ ᠵᠠᠰᠠᠯ ᠤᠨ ᠬᠢᠵᠠᠭᠠᠷᠲᠤ ᠺᠤᠮᠫᠠᠨᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠠᠨᠲᠠ ᠠᠮᠢ ᠠᠬᠤᠢ ᠵᠢᠭᠤᠯᠴᠢᠯᠠᠯ ᠤᠨ ᠬᠢᠨ ᠲᠡᠷᠢᠬᠦᠨ ᠪᠠᠶᠢᠷᠢ ᠳ᠋ᠤ ᠲᠤᠲᠤᠷᠠᠭᠰᠠᠨ ᠪᠠᠶᠢᠨ᠎ᠠ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠰᠢᠨᠬᠤᠸᠠ ᠬᠤᠷᠢᠶ᠎ᠠ 》ᠡᠴᠡ ᠰᠢᠯᠵᠢᠬᠦᠯᠤᠨ ᠪᠠᠭᠤᠯᠭᠠᠪᠠ

通辽市首届蒙古族服装服饰大赛开幕

为期3天的通辽市首届蒙古族服装服饰大赛25日在通辽市开幕,来自通辽市各旗县市区的30支服装服饰队伍开展角逐。
  本次大赛比赛项目包括传统蒙古族服装服饰、现代蒙古族服装服饰、蒙古元素行业工装。期间还将举行服装模特花海走秀、市民互动与摄影等系列活动。
  来源:内蒙古启言网摘自《新华网》

 
 
Posted in ᠦᠨᠳᠦᠰᠦᠳᠡᠨ ᠤ ᠭᠠᠷ ᠤᠷᠠᠯᠠᠯ|民族工艺 and tagged .